ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠰᠠᠶᠢᠲᠤᠷ ᠪᠦᠲᠦᠭᠡᠨ ᠪᠠᠶᠢᠭᠤᠯᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠭᠦᠨᠵᠡᠭᠡᠢ ᠠᠭᠤᠰᠤᠯᠴᠠᠬᠤ ᠶᠢᠨ | ᠲᠥᠯᠥᠭᠡ᠂ 9 ᠰᠠᠷ᠎ᠠ ᠶᠢᠨ 8 ᠠᠴᠠ 17 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠭᠦᠮ | ᠳᠠᠭᠠᠭᠤᠯᠤᠨ ᠭᠧᠷᠮᠠᠨ᠂ ᠬᠤᠯᠠᠨᠳ᠋᠂ ᠳ᠋ᠠᠨᠮᠠᠷᠺ ᠲᠤ ᠠᠶᠢᠯᠴᠢᠯᠠᠯᠲᠠ ᠬᠢᠵᠦ᠂ ᠳᠡᠭᠡᠳᠦ ᠳᠠᠪᠬᠤᠷᠭ᠎ᠠ ᠶᠢᠨ | ᠠᠭᠤᠯᠵᠠᠯᠲᠠ ᠶᠢ 4 ᠲᠠᠯᠠᠪᠠᠢ ᠥᠷᠨᠢᠭᠦᠯᠵᠦ᠂ ᠲᠦᠷᠦᠯ ᠵᠦᠢᠯ ᠤᠨ ᠵᠥᠪᠳᠡᠯᠴᠡᠭᠡᠷ᠂ ᠲᠣᠭᠤᠷᠢᠨ ᠦᠵᠡᠵᠦ | ᠶᠠᠷᠢᠯᠴᠠᠬᠤ ᠬᠤᠷᠠᠯ ᠢ 12 ᠲᠠᠯᠠᠪᠠᠢ ᠶᠠᠪᠤᠭᠳᠠᠭᠤᠯᠵᠤ᠂ 10 ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ | ᠭᠡᠷᠡᠴᠢᠯᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠢᠳᠡᠪᠬᠢᠲᠡᠢ | ᠦᠷ᠎ᠡ ᠪᠦᠲᠦᠮᠵᠢ ᠣᠯᠣᠭᠰᠠᠨ ᠪᠠᠶᠢᠨ᠎ᠠ᠃ | ᠠᠶᠢᠯᠴᠢᠯᠠᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠬᠤᠯᠠᠨᠳ᠋ ᠲᠤ ᠰᠠᠭᠤᠭ᠎ᠠ ᠮᠠᠨ ᠤ ᠤᠯᠤᠰ ᠤᠨ | ᠡᠯᠴᠢᠨ ᠰᠠᠶᠢᠳ ᠲᠠᠨ ᠵᠢᠶᠠᠨ ᠬᠢᠭᠡᠳ ᠳ᠋ᠠᠨᠮᠠᠷᠺ ᠲᠤ ᠰᠠᠭᠤᠭ᠎ᠠ ᠡᠯᠴᠢᠨ ᠰᠠᠶᠢᠳ ᠹᠧᠩ ᠲᠢᠶᠧ ᠲᠠᠢ ᠠᠵᠢᠯ ᠤᠨ | ᠬᠡᠯᠡᠯᠴᠡᠭᠡ ᠬᠢᠵᠡᠢ᠃ ᠲᠡᠷᠡ᠂ ᠥᠪᠥᠷ ᠮᠣᠩᠭᠤᠯ ᠪᠣᠯᠣᠨ ᠬᠤᠯᠠᠨᠳ᠋᠂ ᠳ᠋ᠠᠨᠮᠠᠷᠺ ᠬᠤᠭᠤᠷᠣᠨᠳᠤ ᠪᠠᠨ ᠪᠠᠲᠤ ᠪᠠᠬᠢ | ᠬᠠᠮᠲᠤᠷᠠᠯᠴᠠᠭᠠᠨ ᠤ ᠰᠠᠭᠤᠷᠢ ᠲᠠᠢ ᠶᠤᠮ᠂ ᠲᠠᠷᠠᠭᠠᠴᠢ ᠶᠢᠨ ᠠᠯᠬᠤᠮ ᠳᠤ ᠪᠢᠳᠡ ᠬᠤᠶᠠᠷ ᠤᠯᠤᠰ ᠯᠤᠭ᠎ᠠ | ᠬᠠᠷᠢᠯᠴᠠᠬᠤ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠢᠯᠠᠩᠭᠤᠶ᠎ᠠ ᠨᠥᠭᠦᠷᠰᠡᠭ ᠬᠤᠳᠠ ᠶᠢ ᠬᠥᠭᠵᠢᠭᠦᠯᠵᠦ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ | ᠨᠡᠩ ᠰᠠᠶᠢᠲᠤᠷ ᠦᠢᠯᠡᠴᠢᠯᠡᠨ᠎ᠡ ᠭᠡᠵᠦ ᠬᠡᠯᠡᠪᠡ᠃ ᠲᠠᠨ ᠵᠢᠶᠠᠨ᠂ ᠹᠧᠩ ᠲᠢᠶᠧ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠵᠤ᠂ ᠥᠪᠥᠷ ᠮᠣᠩᠭᠤᠯ ᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠪᠦᠭᠦ ᠬᠦᠴᠦ ᠪᠠᠷ ᠢᠶᠠᠨ ᠳᠡᠮᠵᠢᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠸᠠᠩ ᠯᠢ ᠰᠢᠶᠠ ᠳ᠋ᠠᠨᠮᠠᠷᠺ ᠤᠨ ᠢᠳᠡᠭᠡᠨ᠂ ᠬᠥᠳᠡᠭᠡ ᠠᠵᠤ ᠠᠬᠤᠢ ᠪᠣᠯᠣᠨ ᠵᠢᠭᠠᠰᠤᠨ ᠠᠵᠤ ᠠᠬᠤᠢ ᠶᠢᠨ | ᠶᠠᠮᠤᠨ ᠤ ᠰᠠᠶᠢᠳ ᠶᠡᠭᠧᠪᠦ᠋ · ᠶᠠᠨᠰᠧᠨ ᠪᠣᠯᠣᠨ ᠬᠤᠯᠠᠨᠳ᠋ ᠤᠨ ᠬᠥᠳᠡᠭᠡ ᠠᠵᠤ ᠠᠬᠤᠢ ᠪᠠᠶᠢᠭᠠᠯᠢ ᠵᠢᠴᠢ ᠢᠳᠡᠭᠡᠨ ᠤ | ᠶᠠᠰᠤ ᠴᠢᠨᠠᠷ ᠤᠨ ᠶᠠᠮᠤᠨ ᠤ ᠳᠡᠳ᠋ ᠰᠠᠶᠢᠳ ᠯᠠᠨᠳᠧᠷ ᠲᠠᠢ ᠠᠭᠤᠯᠵᠠᠵᠤ᠂ ᠮᠠᠯ ᠠᠵᠤ ᠠᠬᠤᠢ ᠲᠠᠷᠢᠶᠠᠯᠠᠩ᠂ | ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠵᠡᠷᠭᠡ ᠶᠢᠨ ᠲᠤᠬᠠᠢ ᠶᠠᠷᠢᠯᠴᠠᠪᠠ᠃ ᠲᠡᠷᠡ᠂ ᠬᠤᠶᠠᠷ ᠲᠠᠯ᠎ᠠ ᠪᠠᠷ ᠢᠶᠠᠨ ᠡᠯ᠎ᠡ ᠬᠦᠷᠢᠶ᠎ᠡ ᠢᠯᠠᠩᠭᠤᠶ᠎ᠠ ᠰᠦ ᠶᠢᠨ | ᠦᠢᠯᠡᠰ ᠤᠨ ᠲᠠᠯ᠎ᠠ ᠪᠠᠷ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠨᠡᠩ ᠤᠯᠠᠨ ᠠᠵᠤ ᠠᠬᠤᠶᠢᠯᠠᠯ᠂ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠨᠡᠩ ᠤᠯᠠᠨ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠶᠡᠭᠧᠪᠦ᠋ · ᠶᠠᠨᠰᠧᠨ ᠪᠣᠯᠣᠨ ᠯᠠᠨᠳᠧᠷ | ᠢᠳᠡᠪᠬᠢᠲᠡᠢ ᠬᠠᠷᠢᠭᠤᠯᠲᠠ ᠥᠭᠴᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ | ᠨᠢᠭᠡᠲᠡᠢ ᠢᠯᠡᠳᠬᠡᠪᠡ᠃ | ᠠᠶᠢᠯᠴᠢᠯᠠᠯᠲᠠ ᠬᠢᠬᠦ ᠬᠤᠭᠤᠴᠠᠭᠠᠨ ᠳᠤ᠂ ᠸᠠᠩ ᠯᠢ ᠰᠢᠶᠠ ᠲᠤᠰ ᠲᠤᠰ ᠧᠦ ᠯᠢᠦᠢ ᠪᠦᠦ ᠪᠦᠯᠦᠭᠯᠡᠯ᠂ | ᠰᠢᠮᠧᠨ᠋ᠽ ᠺᠤᠮᠫᠠᠨᠢ᠂ GEA ᠺᠤᠮᠫᠠᠨᠢ᠂ ᠮᠧᠩ ᠲᠠᠢ APT ᠭᠧᠷᠮᠠᠨ ᠤ ᠶᠡᠷᠦᠩᠬᠡᠢ ᠬᠡᠯᠲᠡᠰ᠂ ᠬᠤᠸᠠᠩ ᠵᠢᠶᠠ ᠳ᠋ᠢ | ᠰᠧ ᠮᠠᠨ ᠺᠤᠮᠫᠠᠨᠢ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠬᠥᠭᠵᠢᠯᠲᠡ ᠶᠢᠨ ᠪᠦᠯᠦᠭᠯᠡᠯ᠂ ᠬᠤᠯᠠᠨᠳ᠋ ᠤᠨ | ᠬᠤᠷᠰᠢᠭᠰᠠᠨ ᠪᠠᠩᠬᠢ᠂ ᠺᠧᠬᠠᠨᠰᠧᠨ ᠺᠤᠮᠫᠠᠨᠢ᠂ ᠠᠯᠠᠹᠦ᠋ᠽ ᠺᠤᠮᠫᠠᠨᠢ ᠵᠡᠷᠭᠡ ᠠᠵᠤ ᠠᠬᠤᠶᠢᠯᠠᠯ ᠳᠤ ᠰᠢᠨᠵᠢᠯᠡᠨ | ᠪᠠᠶᠢᠴᠠᠭᠠᠵᠤ᠂ ᠮᠧᠩ ᠲᠠᠢ APT ᠭᠧᠷᠮᠠᠨ ᠤ ᠶᠡᠷᠦᠩᠬᠡᠢ ᠬᠡᠯᠲᠡᠰ᠂ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠸᠦ᠋ᠷᠦᠫᠡ ᠲᠢᠪ ᠤᠨ ᠰᠢᠨ᠎ᠡ ᠶᠢ ᠡᠭᠦᠳᠬᠦ ᠲᠥᠪ ᠤᠨ ᠫᠠᠶᠢᠰᠠ | ᠡᠯᠭᠦᠬᠦ ᠶᠣᠰᠣᠯᠠᠯ ᠳᠤ ᠤᠷᠤᠯᠴᠠᠵᠤ᠂ ᠣᠷᠳᠣᠰ ᠬᠤᠲᠠ᠂ ᠢᠯᠢ ᠪᠦᠯᠦᠭᠯᠡᠯ᠂ ᠮᠧᠩ ᠨᠢᠦ ᠪᠦᠯᠦᠭᠯᠡᠯ ᠤᠨ ᠭᠤᠷᠪᠠᠨ | ᠤᠯᠤᠰ ᠤᠨ ᠬᠠᠮᠢᠶ᠎ᠠ ᠪᠦᠬᠦᠢ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠬᠤ ᠶᠢ ᠭᠡᠷᠡᠴᠢᠯᠡᠭᠰᠡᠨ ᠪᠥᠭᠡᠳ ᠰᠦ ᠶᠢᠨ ᠦᠢᠯᠡᠰ ᠤᠨ ᠬᠥᠭᠵᠢᠯᠲᠡ᠂ ᠬᠥᠩᠭᠡᠨᠴᠠᠭᠠᠨ ᠤ ᠰᠡᠭᠦᠯᠴᠢ ᠶᠢᠨ | ᠬᠤᠭᠤᠴᠠᠭᠠᠨ ᠳᠠᠬᠢ ᠨᠠᠷᠢᠯᠢᠭ ᠡᠳ᠋ᠰᠢᠭᠦᠯᠬᠦ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ | ᠲᠣᠭᠠᠴᠢᠯᠠᠭᠰᠠᠨ ᠮᠡᠷᠭᠡᠵᠢᠯ ᠵᠡᠷᠭᠡ ᠲᠠᠯ᠎ᠠ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠮᠠᠭ ᠬᠤᠲᠠ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠠᠶᠢᠯᠴᠢᠯᠠᠯᠲᠠ ᠬᠢᠪᠡ᠃ | |