ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ | ᠣᠶᠢᠷ᠎ᠠ ᠶᠢᠨ ᠵᠢᠯ ᠤᠳ ᠲᠤ᠂ ᠬᠠᠮᠵᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ | ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ | ᠲᠠᠲᠠᠪᠤᠷᠢᠯᠠᠨ ᠬᠠᠮᠢᠶᠠᠷᠬᠤ ᠮᠡᠳᠡᠭᠡᠯᠡᠯ ᠤᠨ ᠲᠠᠪᠴᠠᠩ ᠤᠨ ᠴᠢᠳᠠᠮᠵᠢ ᠶᠢ ᠪᠠᠶᠢᠭᠤᠯᠤᠨ ᠦᠷᠭᠦᠯᠵᠢᠯᠡᠨ | ᠲᠡᠭᠦᠯᠳᠡᠷᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ ᠤᠯᠠᠮᠵᠢᠯᠠᠯᠲᠤ ᠲᠠᠲᠠᠪᠤᠷᠢᠯᠠᠨ ᠬᠠᠮᠢᠶᠠᠷᠬᠤ ᠠᠴᠠ ᠣᠶᠤᠨᠯᠢᠭ | ᠲᠠᠲᠠᠪᠤᠷᠢᠯᠠᠨ ᠬᠠᠮᠢᠶᠠᠷᠬᠤ ᠲᠡᠶᠢᠰᠢ ᠵᠠᠭᠪᠤᠷ ᠬᠤᠪᠢᠷᠠᠭᠤᠯᠬᠤ ᠶᠢ ᠠᠬᠢᠭᠤᠯᠵᠤ᠂ ᠰᠦᠢᠳᠬᠡᠯ ᠲᠤᠰᠢᠶᠠᠭᠴᠢ ᠳᠤ | ᠲᠦᠢᠯ ᠤᠨ ᠶᠡᠭᠡ ᠲᠥᠬᠦᠮ ᠦᠵᠡᠭᠦᠯᠪᠡ᠃ ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠥᠪᠥᠷ ᠮᠣᠩᠭᠤᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠣᠶᠤᠨᠯᠢᠭ ᠲᠠᠲᠠᠪᠤᠷᠢᠯᠠᠨ ᠬᠠᠮᠢᠶᠠᠷᠬᠤ | ᠲᠠᠪᠴᠠᠩ ᠨᠢ ᠨᠡᠶᠢᠲᠡ 10029 ᠡᠷᠦᠬᠡ ᠰᠦᠢᠳᠬᠡᠯ ᠲᠤᠰᠢᠶᠠᠭᠴᠢ ᠳᠤ ᠲᠤᠬᠠᠶᠢᠯᠠᠭᠰᠠᠨ ᠠᠵᠢᠯ ᠭᠦᠢᠴᠡᠳᠬᠡᠵᠦ | ᠥᠭᠴᠡᠢ᠃ | ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠰᠦᠢᠳᠬᠡᠯ ᠲᠤᠰᠢᠶᠠᠬᠤ᠂ ᠰᠦᠢᠳᠬᠡᠯ | ᠪᠤᠴᠠᠭᠠᠬᠤ ᠦᠢᠯᠡᠴᠢᠯᠡᠭᠡ ᠶᠢᠨ ᠠᠦ᠋ᠲ᠋ᠣᠴᠢᠯᠠᠯᠲᠠ ᠶᠢ ᠪᠡᠶᠡᠯᠡᠭᠦᠯᠪᠡ᠃ ᠮᠡᠳᠡᠭᠡᠯᠡᠯ ᠢ ᠴᠠᠭ ᠲᠤᠬᠠᠢ ᠳᠤ ᠨᠢ | ᠬᠤᠪᠢᠶᠠᠯᠴᠠᠬᠤ᠂ ᠰᠦᠢᠳᠬᠡᠯ ᠲᠤᠰᠢᠶᠠᠬᠤ ᠪᠠᠷ ᠮᠡᠳᠡᠭᠦᠯᠬᠦ ᠨᠢ ︽ᠨᠢᠭᠡ ᠳᠠᠷᠤᠪᠴᠢ ᠪᠠᠷ ᠭᠦᠢᠴᠡᠳᠬᠡᠬᠦ︾ ᠪᠠᠷ | ᠳᠠᠮᠵᠢᠭᠤᠯᠤᠨ᠂ ᠰᠦᠢᠳᠬᠡᠯ ᠲᠤᠰᠢᠶᠠᠭᠴᠢ ᠨᠢ ᠲᠠᠪᠴᠠᠩ ᠳᠤ ᠨᠡᠪᠲᠡᠷᠡᠪᠡᠯ ︽ᠨᠢᠭᠡ ᠳᠠᠷᠤᠪᠴᠢ ᠪᠠᠷ ᠮᠡᠳᠡᠭᠦᠯᠬᠦ︾ | ᠠᠦ᠋ᠲ᠋ᠣ᠋ ᠰᠦᠢᠳᠬᠡᠯ ᠪᠣᠳᠣᠯᠲᠠ ᠶᠢ ᠪᠡᠶᠡᠯᠡᠭᠦᠯᠵᠦ ᠪᠣᠯᠣᠨ᠎ᠠ︔ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ | ᠰᠦᠯᠵᠢᠶᠡᠨ ᠳᠡᠭᠡᠷ᠎ᠡ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ᠰᠦᠢᠳᠬᠡᠯ ᠬᠤᠷᠢᠶᠠᠵᠤ ᠪᠤᠴᠠᠭᠠᠬᠤ ᠪᠥᠬᠦ | ᠶᠠᠪᠤᠴᠠ ᠶᠢ ᠴᠠᠬᠢᠮ ᠢᠶᠠᠷ ᠭᠦᠢᠴᠡᠳᠬᠡᠬᠦ ᠪᠣᠯᠵᠤ᠂ ᠰᠦᠢᠳᠬᠡᠯ ᠲᠤᠰᠢᠶᠠᠭᠴᠢ ᠨᠢ ᠭᠡᠷ ᠠᠴᠠ ᠪᠠᠨ ᠭᠠᠷᠬᠤ ᠦᠭᠡᠢ ᠪᠠᠷ | ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ 2021 ᠣᠨ ᠳᠤ ᠲᠠᠪᠴᠠᠩ ᠢ | ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠠᠴᠠ ᠨᠠᠭᠠᠰᠢ ︵ᠡᠨᠡ ᠵᠢᠯ ᠤᠨ 8 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ︶ ᠰᠦᠢᠳᠬᠡᠯ ᠲᠤᠰᠢᠶᠠᠭᠴᠢᠳ ᠤᠨ ᠲᠠᠪᠴᠠᠩ ᠢᠶᠠᠷ ᠲᠤᠰᠢᠶᠠᠭᠰᠠᠨ ᠰᠦᠢᠳᠬᠡᠯ ᠨᠢ ᠨᠡᠶᠢᠲᠡ 720 | ᠳ᠋ᠦᠩᠰᠢᠭᠤᠷ ᠲᠥᠭᠦᠷᠢᠭ ᠢ ᠳᠠᠪᠠᠵᠠᠢ᠃ | ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠭᠠᠶᠢᠯᠢ ᠶᠢᠨ ᠪᠤᠰᠤ ᠣᠷᠣᠯᠭ᠎ᠠ ᠶᠢᠨ | ᠲᠠᠲᠠᠪᠤᠷᠢᠯᠠᠬᠤ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠬᠢᠭᠤᠯᠪᠠ᠃ ᠲᠠᠪᠴᠠᠩ ᠤᠨ ᠨᠢᠭᠡ ᠯᠡ ᠤᠳᠠᠭ᠎ᠠ | ᠣᠶᠤᠨᠯᠢᠭ ᠢᠶᠠᠷ ᠣᠶᠤᠨᠴᠢᠯᠠᠭᠰᠠᠨ ᠳ᠋ᠠᠶᠢᠲ᠋ᠠ ᠴᠤᠭᠯᠠᠭᠤᠯᠬᠤ ᠪᠠᠷ ᠳᠠᠮᠵᠢᠭᠤᠯᠤᠨ᠂ ᠭᠠᠶᠢᠯᠢ ᠶᠢᠨ ᠪᠤᠰᠤ | ᠣᠷᠣᠯᠭ᠎ᠠ ᠶᠢᠨ ᠳ᠋ᠠᠶᠢᠲ᠋ᠠ ᠶᠢ ᠴᠤᠭᠯᠠᠭᠤᠯᠬᠤ ᠳᠤ ᠬᠦᠴᠢᠷ᠂ ᠬᠤᠪᠢᠶᠠᠯᠴᠠᠬᠤ ᠳᠤ ᠬᠦᠴᠢᠷ᠂ ᠳᠠᠮᠵᠢᠭᠤᠯᠬᠤ ᠳᠤ | ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠲᠠᠪᠴᠠᠩ ᠨᠢ ᠪᠥᠬᠦ ᠣᠷᠣᠨ ᠤ | ᠬᠠᠮᠢᠶ᠎ᠠ ᠪᠦᠬᠦᠢ ᠲᠢᠩᠬᠢᠮ ᠲᠣᠪᠴᠢᠶ᠎ᠠ ᠵᠢᠴᠢ ᠬᠤᠲᠠ ᠰᠢᠶᠠᠨ ᠤ ᠨᠢᠭᠡᠴᠢ ᠶᠢᠨ ᠴᠠᠭ ᠲᠤᠬᠠᠢ ᠳᠤ ᠨᠢ ᠰᠢᠨᠡᠳᠬᠡᠭᠰᠡᠨ | ᠳ᠋ᠠᠶᠢᠲ᠋ᠠ ᠶᠢ 1.5 ᠲᠦᠮᠡ ᠭᠠᠷᠤᠢ ᠵᠤᠷᠪᠤᠰ ᠴᠤᠭᠯᠠᠭᠤᠯᠵᠠᠢ᠃ | ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠲᠦᠭᠰᠢᠭᠦᠷᠢ ᠶᠢᠨ ᠰᠡᠷᠭᠡᠶᠢᠯᠡᠨ ᠡᠵᠡᠮᠳᠡᠯ ᠤᠨ | ᠨᠠᠷᠢᠯᠢᠭᠵᠢᠭᠤᠯᠤᠯᠲᠠ ᠶᠢ ᠠᠬᠢᠭᠤᠯᠪᠠ᠃ ᠬᠡᠷᠡᠭ ᠤᠨ ᠡᠮᠦᠨ᠎ᠡ ᠲᠦᠭᠰᠢᠭᠦᠷᠢ ᠶᠢ ᠡᠭᠦᠰᠦᠯ ᠠᠴᠠ ᠨᠢ ᠬᠢᠨᠠᠨ ᠡᠵᠡᠮᠳᠡᠬᠦ᠂ | ᠬᠡᠷᠡᠭ ᠤᠨ ᠳᠤᠮᠳᠠ ᠲᠦᠭᠰᠢᠭᠦᠷᠢ ᠶᠢ ᠴᠠᠭ ᠲᠤᠬᠠᠢ ᠳᠤ ᠨᠢ ᠲᠠᠰᠤᠯᠬᠤ᠂ ᠬᠡᠷᠡᠭ ᠤᠨ ᠳᠠᠷᠠᠭ᠎ᠠ ᠲᠦᠭᠰᠢᠭᠦᠷᠢ ᠶᠢ | ᠣᠶᠤᠨᠯᠢᠭ ᠢᠶᠠᠷ ᠬᠠᠷᠭᠤᠭᠤᠯᠤᠨ ᠪᠠᠶᠢᠴᠠᠭᠠᠬᠤ ᠪᠠ ᠰᠡᠵᠢᠭᠲᠡᠢ ᠭᠠᠵᠠᠷ ᠤᠨ ᠳ᠋ᠠᠶᠢᠲ᠋ᠠ ᠶᠢ ᠬᠠᠷᠢᠴᠠᠭᠤᠯᠤᠨ ᠵᠠᠳᠠᠯᠬᠤ ᠶᠢ | ᠴᠢᠩᠭᠠᠳᠬᠠᠬᠤ ᠪᠠᠷ ᠳᠠᠮᠵᠢᠭᠤᠯᠤᠨ᠂ ᠲᠠᠪᠴᠠᠩ ᠤᠨ ᠭᠠᠶᠢᠯᠢ ᠶᠢᠨ ᠪᠤᠰᠤ ᠣᠷᠣᠯᠭ᠎ᠠ ᠶᠢᠨ ᠲᠠᠲᠠᠪᠤᠷᠢᠯᠠᠨ ᠬᠠᠮᠢᠶᠠᠷᠬᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠨᠣᠪᠴᠢ ᠶᠢ ᠰᠠᠶᠢᠵᠢᠷᠠᠭᠤᠯᠪᠠ᠃ ᠡᠨᠡ ᠵᠢᠯ ᠤᠨ 8 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠲᠠᠪᠴᠠᠩ ᠠᠴᠠ ᠨᠡᠶᠢᠲᠡ 540 ᠭᠠᠷᠤᠢ ᠰᠡᠵᠢᠭᠲᠡᠢ ᠵᠦᠢᠯ ᠤᠨ ᠳ᠋ᠠᠶᠢᠲ᠋ᠠ ᠶᠢ ᠰᠢᠷᠪᠢᠨ | ᠭᠠᠷᠭᠠᠵᠤ᠂ ᠬᠤᠯᠪᠣᠭᠳᠠᠭᠰᠠᠨ ᠵᠣᠭᠤᠰ ᠨᠢ 1.5 ᠳ᠋ᠦᠩᠰᠢᠭᠤᠷ ᠲᠥᠭᠦᠷᠢᠭ ᠲᠤ ᠭᠦᠷᠦᠭᠰᠡᠨ ᠪᠥᠭᠡᠳ ᠪᠦᠬᠦᠨ ᠢ | ᠴᠡᠭᠴᠡᠯᠡᠨ ᠥᠭᠡᠷᠡᠴᠢᠯᠡᠵᠦ᠂ ᠰᠡᠵᠢᠭᠲᠡᠢ ᠵᠦᠢᠯ ᠢ ᠠᠷᠢᠯᠭᠠᠭᠰᠠᠨ ᠨᠣᠷᠮ᠎ᠠ ᠨᠢ 100% ᠳᠤ ᠬᠥᠷᠪᠡ᠃ | |