ᠬᠤᠸᠠᠩ ᡁᠢ ᠴᠢᠶᠠᠩ ᠪᠤᠭᠤᠲᠤ ᠬᠤᠳᠠ ᠳᠤ ᠠᠵᠢᠯ ᠬᠢᠨᠠᠨ ᠵᠢᠯᠤᠭᠤᠳᠴᠤ ᠪᠠᠶᠢᠴᠠᠭᠠᠬᠤ ᠳᠤ ᠪᠠᠨ ᠬᠦᠳᠡᠷ ᠤᠨ ᠬᠠᠶᠠᠭᠳᠠᠯ ᠤᠨ ᠬᠥᠮᠥᠷᠭᠡᠨ ᠤ ᠠᠮᠤᠷ ᠲᠦᠪᠰᠢᠨ ᠤ ᠡᠷᠡᠰᠳᠡᠯ ᠢ ᠡᠵᠡᠮᠳᠡᠵᠦ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠮᠡᠨ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2023/9/22
    9 ᠳ᠋ᠦ᠋ᠭᠡᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠤᠭᠤᠲᠤ ᠬᠤᠲᠠ ᠳᠤ ᠬᠦᠳᠡᠷ ᠤᠨ ᠬᠠᠶᠠᠭᠳᠠᠯ ᠤᠨ ᠬᠥᠮᠥᠷᠭᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠵᠢᠯᠤᠭᠤᠳᠴᠤ ᠪᠠᠶᠢᠴᠠᠭᠠᠪᠠ᠃    ᠬᠤᠸᠠᠩ ᡁᠢ ᠴᠢᠶᠠᠩ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠪᠣᠯᠣᠳ ᠲᠡᠮᠦᠷ ᠤᠨ ᠬᠤᠯᠪᠣᠭᠠᠨ ᠤ ᠬᠤᠪᠢ ᠣᠷᠣᠭᠤᠯᠤᠭᠰᠠᠨ ᠺᠣᠮᠫᠠᠨᠢ ᠶᠢᠨ ᠬᠦᠳᠡᠷ ᠪᠠᠶᠠᠵᠢᠭᠤᠯᠬᠤ ᠦᠢᠯᠡᠳᠪᠦᠷᠢ ᠶᠢᠨ ᠬᠠᠶᠠᠭᠳᠠᠯ ᠤᠨ ᠬᠥᠮᠥᠷᠭᠡ᠂ ᠪᠤᠭᠤᠲᠤ ᠶᠢᠨ ᠰᠢᠨ ᠳ᠋ᠡ ᠠᠯᠲᠠᠨ ᠤ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠳ᠋ᠦᠩ ᠪᠠᠢ ᠱᠦ  ᠶᠢᠨ ᠬᠦᠳᠡᠷ ᠤᠨ ᠬᠠᠶᠠᠭᠳᠠᠯ ᠤᠨ ᠬᠥᠮᠥᠷᠭᠡ ᠶᠢ ᠪᠠᠶᠢᠴᠠᠭᠠᠨ ᠦᠵᠡᠵᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠦᠳᠡᠷ ᠤᠨ ᠬᠠᠶᠠᠭᠳᠠᠯ ᠤᠨ ᠬᠥᠮᠥᠷᠭᠡᠨ ᠤ ᠡᠷᠡᠰᠳᠡᠯ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠦᠳᠡᠷ ᠤᠨ ᠬᠠᠶᠠᠭᠳᠠᠯ ᠤᠨ ᠬᠥᠮᠥᠷᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠡᠷᠴᠢᠮᠵᠢᠭᠦᠯᠦᠨ ᠪᠣᠳᠠᠲᠠᠶᠢᠵᠢᠭᠤᠯᠵᠦ᠂ ᠪᠥᠬᠦ ᠣᠷᠣᠨ ᠤ ᠪᠣᠶ ᠪᠦᠬᠦᠢ ᠬᠦᠳᠡᠷ ᠤᠨ ᠬᠠᠶᠠᠭᠳᠠᠯ ᠤᠨ ᠬᠥᠮᠥᠷᠭᠡ ᠤᠨ ᠡᠷᠡᠰᠳᠡᠯ ᠪᠠ ᠳᠠᠯᠳᠠ ᠬᠡᠮ ᠢ ᠪᠠᠶᠢᠴᠠᠭᠠᠨ ᠲᠣᠳᠣᠯᠠᠵᠤ᠂ ︽ᠨᠢᠭᠡ ᠬᠥᠮᠥᠷᠭᠡ ᠳᠤ ᠨᠢᠭᠡ ᠪᠣᠳᠣᠯᠭ᠎ᠠ︾᠎ ᠪᠠᠷ ᠡᠷᠡᠰᠳᠡᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠳᠠᠯᠳᠠ ᠬᠡᠮ ᠢ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠣᠷᠣᠢ ᠳᠡᠭᠡᠷᠡᠬᠢ ᠬᠥᠮᠥᠷᠭᠡ︾ ︽ᠡᠵᠡᠨ ᠦᠭᠡᠢ ᠬᠥᠮᠥᠷᠭᠡ︾᠂ ᠣᠷᠳᠣ ᠬᠤᠭᠤᠴᠠᠭ᠎ᠠ ᠪᠠᠷ ᠠᠵᠢᠯᠯᠠᠬᠤ ᠪᠠᠨ ᠵᠣᠭᠰᠣᠭᠰᠠᠨ ᠮᠥᠷᠲᠡᠭᠡᠨ ᠮᠡᠳᠡᠭᠳᠡᠬᠦ᠋ᠢᠴᠡ ᠡᠷᠡᠰᠳᠡᠯ ᠲᠠᠢ ᠬᠦᠳᠡᠷ ᠤᠨ ᠬᠠᠶᠠᠭᠳᠠᠯ ᠤᠨ ᠬᠥᠮᠥᠷᠭᠡ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶᠡᠨ ᠤ ᠨᠠᠶᠢᠳᠠᠪᠤᠷᠢᠵᠢᠭᠤᠯᠤᠯᠲᠠ ᠶᠢ ᠡᠷᠴᠢᠮᠵᠢᠭᠦᠯᠵᠦ᠂ ᠬᠦᠳᠡᠷ ᠤᠨ ᠬᠠᠶᠠᠭᠳᠠᠯ ᠤᠨ ᠬᠥᠮᠥᠷᠭᠡᠨ ᠤ ᠠᠮᠤᠷ ᠲᠦᠪᠰᠢᠨ ᠤ ᠡᠷᠡᠰᠳᠡᠯ ᠢ ᠡᠵᠡᠮᠳᠡᠵᠦ ᠪᠣᠯᠬᠤ᠂ ᠳᠠᠯᠳᠠ ᠬᠡᠮ ᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1