12 ᠠᠶᠢᠮᠠᠭ ᠬᠤᠲᠠ ᠶᠢᠨ 1000 ᠭᠠᠷᠤᠢ ᠵᠦᠢᠯ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠦᠵᠡᠭᠦᠯᠵᠦ ᠪᠣᠷᠣᠯᠠᠭᠤᠯᠵᠠᠢ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾᠎ ᠤᠨ ᠥᠪᠥᠷ ᠮᠣᠩᠭᠤᠯ ᠭᠤᠣᠯ ᠬᠤᠷᠠᠯ ᠤᠨ ᠲᠠᠯᠠᠪᠠᠢ ᠶᠢᠨ ᠪᠡᠯᠭᠡᠯᠡᠬᠦ ᠠᠵᠢᠯᠯᠠᠭ᠎ᠠ ᠣᠷᠳᠣᠰ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/22
    ᠡᠨᠡ ᠵᠢᠯ ᠤᠨ 9 ᠰᠠᠷ᠎ᠠ ᠶᠢᠨ 23᠎ ᠤ ᠡᠳᠦᠷ ᠪᠣᠯ ᠵᠢᠷᠭᠤᠭᠠᠳᠠᠭᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯᠣᠨ᠎ᠠ᠃ 9 ᠰᠠᠷ᠎ᠠ ᠶᠢᠨ 19᠎ ᠤ ᠡᠳᠦᠷ᠂ 2023 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠥᠪᠥᠷ ᠮᠣᠩᠭᠤᠯ ᠤᠨ ᠭᠤᠣᠯ ᠬᠤᠷᠠᠯ ᠤᠨ ᠲᠠᠯᠠᠪᠠᠶ ᠶᠢᠨ ᠪᠡᠯᠭᠡᠯᠡᠬᠦ ᠠᠵᠢᠯᠯᠠᠭ᠎ᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠦᠭᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠲᠥᠪ ᠲᠤ ᠶᠠᠪᠤᠭᠳᠠᠵᠤ᠂ ᠪᠦᠭᠦ ᠣᠷᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠡᠭᠦᠪᠡᠷ ᠡᠬᠢᠯᠡᠵᠡᠢ᠃    ᠡᠨᠡ ᠨᠢ ᠥᠪᠡᠷᠲᠡᠭᠡᠨ ᠵᠠᠰᠠᠬᠤ ᠣᠷᠣᠨ ᠡᠯᠪᠡᠭ ᠬᠤᠷᠢᠶᠠᠯᠲᠠ ᠶᠢᠨ ᠪᠠᠶᠠᠷ ᠢ ᠲᠡᠮᠳᠡᠭᠯᠡᠬᠦ ᠠᠵᠢᠯᠯᠠᠭ᠎ᠠ ᠶᠢ ᠠᠩᠬ᠎ᠠ ᠤᠳᠠᠭ᠎ᠠ ᠬᠤᠳᠠ ᠲᠣᠭᠤᠷᠢᠭ ᠲᠤ ᠡᠷᠭᠢᠯᠡᠵᠤ ᠪᠠᠶᠢᠭ᠎ᠠ ᠶᠠᠪᠤᠳᠠᠯ ᠪᠣᠯᠣᠨ᠎ᠠ᠃ ︽ᠡᠯᠪᠡᠭ ᠬᠤᠷᠢᠶᠠᠯᠲᠠ ᠶᠢ ᠪᠡᠯᠭᠡᠯᠡᠵᠦ᠂ ᠡᠶ᠎ᠡ ᠨᠠᠶᠢᠷᠠᠮᠳᠠᠯ ᠢ ᠠᠬᠢᠭᠤᠯᠬᠤ︾ ᠪᠡᠯᠭᠡᠯᠡᠬᠦ ᠠᠵᠢᠯᠯᠠᠭ᠎ᠠ ᠳᠤ 1 ᠭᠤᠣᠯ ᠬᠤᠷᠠᠯ ᠤᠨ ᠲᠠᠯᠠᠪᠠᠶ ᠪᠠ 1 ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠤ᠂ ᠪᠠᠶᠠᠯᠢᠭ ᠰᠠᠶᠢᠬᠠᠨ ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ᠪᠦᠭᠦ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠬᠥᠭᠵᠢᠯᠲᠡ ᠶᠢᠨ ᠠᠮᠵᠢᠯᠲᠠ ᠪᠦᠲᠦᠮᠵᠢ ᠪᠠ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠴᠤᠭ ᠵᠢᠪᠬᠤᠭ᠎ᠠ ᠶᠢ ᠬᠠᠷᠠᠭᠤᠯᠪᠠ᠃    ᠠᠵᠢᠯᠯᠠᠭ᠎ᠠ ᠶᠢᠨ ᠭᠤᠣᠯ ᠬᠤᠷᠠᠯ ᠤᠨ ᠲᠠᠯᠠᠪᠠᠢ ᠳᠤ᠂ 6 ᠲᠦᠮᠡ ᠭᠠᠷᠤᠢ ᠲᠡᠭᠰᠢ ᠳᠥᠷᠪᠡᠯᠵᠢᠨ ᠮᠤᠳ᠋ᠷ ᠲᠠᠯᠠᠪᠠᠢ ᠳᠡᠭᠡᠷ᠎ᠡ 124 ᠥᠪᠡᠷᠮᠢᠴᠡ ᠬᠡᠪ ᠨᠠᠮᠪᠠ ᠪᠦᠬᠦᠢ ᠳᠡᠯᠭᠡᠨ ᠦᠵᠡᠭᠦᠯᠭᠦ ᠳᠡᠯᠭᠡᠨ ᠪᠣᠷᠣᠯᠠᠭᠤᠯᠬᠤ ᠵᠢᠴᠢ ᠠᠮᠲᠠᠲᠤ ᠢᠳᠡᠭᠡᠨ ᠢ ᠳᠡᠯᠭᠡᠨ ᠦᠵᠡᠭᠦᠯᠭᠦ ᠪᠠ ᠠᠮᠲᠠᠯᠠᠭᠤᠯᠬᠤ ᠣᠷᠣᠨ ᠪᠠᠶᠢᠷᠢ ᠲᠣᠬᠢᠷᠠᠭᠤᠯᠤᠭᠰᠠᠨ ᠠᠴᠠ ᠪᠦᠭᠦ ᠣᠷᠣᠨ ᠤ 12 ᠠᠶᠢᠮᠠᠭ ᠬᠤᠳᠠ ᠶᠢᠨ 300 ᠭᠠᠷᠤᠢ ᠠᠵᠤ ᠠᠬᠤᠶᠢᠯᠠᠯ ᠤᠨ 1000 ᠭᠠᠷᠤᠢ ᠵᠦᠢᠯ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠳᠡ ᠳᠡᠯᠭᠡᠨ ᠦᠵᠡᠭᠦᠯᠦᠨ ᠪᠣᠷᠣᠯᠠᠭᠤᠯᠵᠤ᠂ ᠮᠠᠰᠢ ᠣᠯᠠᠨ ᠬᠤᠳᠠ ᠶᠢᠨ ᠠᠷᠠᠳ ᠬᠦᠷᠦᠯᠴᠡᠨ ᠢᠷᠡᠵᠦ ᠬᠤᠳᠠᠯᠳᠤᠨ ᠠᠪᠬᠤ ᠪᠤᠶᠤ ᠠᠮᠲᠠᠯᠠᠵᠤ ᠦᠵᠡᠭᠰᠡᠨ ᠪᠠᠶᠢᠨ᠎ᠠ᠃ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠳᠡᠭᠡᠷ᠎ᠡ᠂ ᠪᠦᠭᠦ ᠣᠷᠣᠨ ᠤ ︽ᠪᠦᠭᠦ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠦᠳᠡᠯᠮᠦᠷᠢ ᠶᠢᠨ ᠵᠢᠱᠢᠶᠡᠴᠢ︾᠎ ᠶᠢᠨ ᠢᠷᠠᠭᠤ ᠠᠯᠳᠠᠷ ᠤᠨ ᠴᠣᠯᠠ ᠬᠦᠷᠲᠡᠭᠴᠢ ᠪᠠ ᠣᠷᠳᠣᠰ ᠬᠤᠲᠠ ᠶᠢᠨ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠬᠥᠬᠢᠭᠦᠯᠦᠯ ᠭᠦᠷᠳᠡᠪᠡ︔ ᠣᠷᠳᠣᠰ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ — ︽ᠳᠤᠯᠠᠭᠠᠨ ᠬᠤᠳᠠ ᠶᠢᠨ ᠣᠯᠠᠨ ᠠᠮᠲᠠ︾᠎ ᠶᠢ ᠵᠢᠩᠬᠢᠨᠢ ᠪᠠᠷ ᠨᠡᠶᠢᠲᠡᠯᠡᠪᠡ᠃ ᠳ᠋ᠦᠩᠱᠧᠩ ᠲᠣᠭᠤᠷᠢᠭ ᠤᠨ ᠱᠧ ᠵᠢᠶᠠ ᠯᠢᠶᠠᠩ ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠶ᠂ ᠬᠥᠳᠡᠭᠡ ᠲᠣᠰᠬᠤᠨ ᠤ ᠠᠮᠲᠠᠲᠤ ᠢᠳᠡᠭᠡᠨ ᠢ ᠳᠡᠯᠭᠡᠷᠡᠭᠦᠯᠬᠦ᠂ ᠬᠥᠳᠡᠭᠡ ᠲᠣᠰᠬᠤᠨ ᠤ ᠰᠣᠨᠢᠷᠬᠠᠯᠲᠠᠢ ᠦᠷᠢᠰᠦᠯᠳᠦᠭᠡᠨ᠂ ᠬᠥᠳᠡᠭᠡ ᠲᠣᠰᠬᠤᠨ ᠤ ᠳᠠᠭᠤᠤ ᠪᠦᠵᠢᠭ ᠵᠡᠷᠭᠡ ᠪᠡᠯᠭᠡᠯᠡᠬᠦ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠭᠤᠣᠯ ᠬᠤᠷᠠᠯ ᠤᠨ ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ᠂ ᠬᠤᠲᠠ ᠲᠣᠭᠤᠷᠢᠭ + ᠬᠥᠳᠡᠭᠡ ᠲᠣᠰᠬᠤᠨ ᠬᠠᠷᠢᠯᠴᠠᠨ ᠬᠥᠳᠡᠯᠦᠯᠴᠡᠵᠦ᠂ ᠡᠯᠪᠡᠭ ᠬᠤᠷᠢᠶᠠᠯᠲᠠ ᠪᠠᠨ ᠬᠠᠮᠲᠤ ᠪᠠᠷ ᠪᠡᠯᠭᠡᠯᠡᠪᠡ᠃    ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠬᠤᠭᠤᠴᠠᠭᠠᠨ ᠳᠤ ᠪᠦᠬᠦ ᠣᠷᠣᠨ ᠤ ᠪᠣᠬᠢᠷᠳᠤᠯ ᠦᠭᠡᠢ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠬᠤ ᠬᠤᠷᠠᠯ᠂ 9 · 19 ᠡᠯᠧᠺᠳ᠋ᠷᠣᠨ ᠬᠤᠳᠠᠯᠳᠤᠭᠠᠨ ᠤ ᠨᠠᠶᠢᠷ᠂ ᠤᠯᠠᠭᠠᠨᠮᠦ᠋ᠴᠢᠷ ᠤᠨ ᠲᠣᠬᠯᠠᠯᠲᠠ ᠵᠡᠷᠭᠡ ᠰᠢᠷᠢᠰ ᠠᠵᠢᠯᠯᠠᠭ᠎ᠠ ᠶᠢ ᠡᠷᠭᠢᠯᠡᠭᠦ ᠪᠣᠯᠣᠨ᠎ᠠ᠃ ᠡᠭᠦᠨ ᠤ ᠬᠠᠮᠲᠤ ᠪᠠᠰᠠ ︽ᠡᠯᠪᠡᠭ ᠬᠤᠷᠢᠶᠠᠯᠲᠠ ᠶᠢᠨ ᠰᠢᠯᠢᠳᠡᠭ ᠪᠦᠲᠦᠭᠡᠭᠳᠡᠬᠦᠨ︾ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠭᠠᠷᠭᠠᠵᠤ᠂ 4 ᠰᠦᠯᠵᠢᠶᠡᠨ ᠣᠳᠣ ᠶᠢ ᠤᠷᠢᠵᠤ ᠪᠦᠭᠦ ᠣᠷᠣᠨ ᠤ 12 ᠠᠶᠢᠮᠠᠭ ᠬᠤᠲᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠲᠤᠰᠠᠯᠠᠬᠤ ᠰᠢᠭᠤᠳ ᠨᠡᠪᠲᠡᠷᠡᠭᠦᠯᠭᠡ ᠬᠢᠵᠦ ᠪᠠᠷᠠᠭ᠎ᠠ ᠪᠣᠷᠣᠯᠠᠭᠤᠯᠬᠤ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1