ᠮᠣᠬᠤᠷ ᠭᠤᠤᠯ ᠪᠠᠯᠭᠠᠰᠤ᠄ ︽ᠭᠤᠷᠪᠠᠨ ᠬᠦᠴᠦᠨ︾᠎ ᠢ ᠵᠡᠷᠭᠡᠪᠡᠷ ᠴᠢᠩᠭᠠᠷᠠᠭᠤᠯᠵᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/9/4
    ᠵᠢᠯ ᠤᠨ ᠡᠬᠢᠨ ᠠᠴᠠ ᠨᠠᠭᠠᠰᠢ᠂ ᠮᠣᠬᠤᠷ ᠭᠤᠣᠯ ᠪᠠᠯᠭᠠᠰᠤ  ᠪᠦᠬᠦ ᠪᠠᠯᠭᠠᠰᠤ ᠪᠠᠷ ᠢᠶᠠᠨ ᠱᠠᠲᠤ ᠬᠤᠪᠢᠶᠠᠨ ᠲᠡᠰ ᠬᠤᠪᠢᠶᠠᠬᠤ ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠂ ᠡᠴᠥᠰ ᠤᠨ ᠴᠡᠭ ᠳᠡᠭᠡᠷ᠎ᠡ ᠬᠥᠴᠥᠯᠡᠨ ᠴᠢᠷᠮᠠᠶᠢᠵᠤ᠂  ᠲᠡᠭᠦᠰᠭᠡᠯ ᠳᠤ ᠦᠷ᠎ᠡ ᠪᠦᠲᠦᠮᠵᠢ ᠣᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠪᠦᠬᠦ ᠪᠠᠯᠭᠠᠰᠤᠨ ᠤ ᠢᠳᠡᠭᠡᠨ ᠤ ᠠᠮᠤᠷ ᠲᠦᠪᠰᠢᠨ ᠤ ︽ ᠬᠤᠶᠠᠷ ᠬᠠᠷᠢᠭᠤᠴᠠᠯᠭ᠎ᠠ ︾ ᠎ ᠶᠢᠨ ᠲᠣᠭᠲᠠᠴᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠤᠭᠰᠠᠨ ᠪᠥᠭᠡᠳ ︽ ᠬᠤᠶᠠᠷ ᠬᠠᠷᠢᠭᠤᠴᠠᠯᠭ᠎ᠠ ︾ ᠎ ᠶᠢᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ ᠂ ᠢᠳᠡᠭᠡᠨ ᠤ ᠠᠮᠤᠷ ᠲᠦᠪᠰᠢᠨ ᠤ ᠡᠯ᠎ᠡ ᠲᠠᠯ᠎ᠠ ᠶᠢᠨ ᠎ ᠬᠢᠨ ᠤ ᠬᠠᠷᠢᠭᠤᠴᠠᠯᠭ᠎ᠠ ᠶᠢ ᠴᠢᠩᠭᠠᠳᠬᠠᠨ ᠪᠣᠲᠠᠲᠠᠶᠢᠵᠢᠭᠤᠯᠵᠠᠢ᠃
1_副本.jpg
       ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠬᠢᠨᠠᠨ ᠬᠠᠮᠢᠶᠠᠷᠬᠤ ᠬᠦᠴᠦᠨ︾᠎ ᠢ ᠪᠣᠶ ᠪᠣᠯᠭᠠᠪᠠ᠃ ᠮᠣᠬᠤᠷ ᠭᠤᠤᠯ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠤᠶᠠᠷ ᠬᠠᠷᠢᠭᠤᠴᠠᠯᠭ᠎ᠠ︾᠎ ᠶᠢᠨ ᠲᠣᠭᠲᠠᠴᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠢᠳᠡᠭᠡᠨ ᠤ ᠡᠵᠡᠩᠨᠡᠯᠲᠡ ᠶᠢᠨ ᠡᠷᠦᠬᠡ ᠶᠢᠨ ᠳᠠᠭᠠᠭᠠᠴᠢᠯᠠᠭᠰᠠᠨ ᠨᠡᠷᠡᠰ ᠪᠠ ᠳᠠᠭᠠᠭᠠᠴᠢᠯᠠᠭᠰᠠᠨ ᠺᠠᠳ᠋ᠷᠴᠤᠳ ᠤᠨ ᠰᠤᠷᠭᠠᠭᠤᠯᠢ ᠶᠢᠨ ᠬᠤᠭᠤᠯᠠᠨ ᠭᠡᠷ ᠵᠢᠴᠢ ᠰᠤᠷᠭᠠᠭᠤᠯᠢ ᠶᠢᠨ ᠬᠦᠷᠢᠶᠡᠨ ᠎ ᠤ ᠳᠡᠯᠭᠡᠭᠦᠷ ᠎ ᠲᠠᠬᠢ ᠳᠠᠭᠠᠭᠠᠴᠢᠯᠠᠬᠤ ᠡᠭᠦᠷᠭᠡ ᠶᠢ ᠲᠣᠳᠣᠷᠬᠠᠢ ᠲᠣᠭᠲᠠᠭᠠᠵᠠᠢ᠃ ᠳᠠᠭᠠᠭᠠᠴᠢᠯᠠᠭᠰᠠᠨ ᠠᠵᠢᠯᠲᠠᠨ ᠢ ᠤᠯᠠᠷᠢᠯ ᠪᠦᠷᠢ ᠳᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠶᠢ ᠱᠠᠭᠠᠷᠳᠠᠵᠤ᠂ ᠡᠵᠡᠩᠨᠡᠯᠲᠡ ᠶᠢᠨ ᠣᠷᠴᠢᠨ ᠲᠣᠭᠤᠷᠢᠨ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠪᠠ ᠬᠤᠳᠠᠯ ᠬᠠᠭᠤᠷᠮᠠᠭ ᠤᠬᠠᠭᠤᠯᠭ᠎ᠠ ᠶᠢᠨ ᠦᠵᠡᠭᠳᠡᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠳᠠᠭᠠᠭᠠᠴᠢᠯᠠᠭᠰᠠᠨ ᠠᠵᠢᠯᠲᠠᠨ ᠬᠠᠷᠢᠭᠤᠴᠠᠵᠤ ᠪᠠᠶᠢᠭ᠎ᠠ ᠨᠢᠭᠡᠴᠢ ᠪᠣᠯᠣᠨ ᠬᠤᠳᠠᠯᠳᠤᠭᠠᠨ ᠤ ᠫᠦᠰᠡᠨ ᠳᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠢᠵᠦ᠂ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠭᠦᠯᠵᠦ᠂ ᠴᠢᠨᠠᠷ ᠬᠤᠪᠢᠷᠠᠭᠰᠠᠨ ᠪᠠ ᠬᠤᠭᠤᠴᠠᠭ᠎ᠠ ᠎ ᠨᠢ ᠬᠡᠲᠦᠷᠡᠭᠰᠡᠨ ᠢᠳᠡᠭᠡᠨ ᠢ ᠴᠠᠭ ᠲᠤᠬᠠᠢ ᠳᠤᠨᠢ ᠴᠡᠪᠡᠷᠯᠡᠭᠦᠯᠬᠦ ᠶᠢᠨ ᠬᠠᠮᠲᠤ ᠪᠠᠷᠠᠭ᠎ᠠ ᠣᠷᠣᠭᠤᠯᠬᠤ ᠶᠠᠪᠤᠴᠠ ᠳᠠᠬᠢ ᠡᠯ᠎ᠡ ᠵᠦᠢᠯ ᠤᠨ ᠲᠡᠮᠳᠡᠭᠯᠡᠯ ᠢ ᠰᠠᠶᠢᠲᠤᠷ ᠬᠠᠳᠠᠭᠠᠯᠠᠭᠤᠯᠵᠤ᠂ ᠬᠠᠷᠢᠶ᠎ᠠ ᠣᠷᠣᠨ ᠤ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠪᠠᠶᠢᠳᠠᠯ ᠢ ᠪᠥᠬᠦ ᠬᠦᠴᠦᠨ ᠢᠶᠠᠷ ᠢᠶᠠᠨ ᠠᠬᠢᠭᠤᠯᠪᠠ᠃
2_副本.jpg
       ᠪᠥᠬᠦ ᠬᠡᠪᠴᠢᠶ᠎ᠡ ᠪᠠᠷ ᠬᠤᠯᠪᠤᠭᠠᠯᠠᠨ ᠬᠥᠳᠡᠯᠦᠯᠴᠡᠵᠦ᠂ ︽ ᠰᠢᠮᠳᠠᠭᠤᠯᠤᠨ ᠪᠠᠶᠢᠴᠠᠭᠠᠬᠤ ᠬᠦᠴᠦᠨ︾᠎ ᠢ ᠪᠣᠶ ᠪᠣᠯᠭᠠᠪᠠ᠃ ︽ᠬᠤᠶᠠᠷ ᠬᠠᠷᠢᠭᠤᠴᠠᠯᠭ᠎ᠠ︾᠎ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠪᠠ ︽ᠡᠴᠦᠰ ᠤᠨ ᠨᠢᠭᠡ ᠺᠢᠯᠣᠮᠧᠲᠷ ︾᠎ ᠢ ᠨᠡᠪᠲᠡᠷᠡᠭᠦᠯᠬᠦ ᠶᠢ ᠠᠬᠢᠭᠤᠯᠬᠤ ᠶᠢᠨ ᠲᠥᠯᠥᠭᠡ᠂ ᠮᠣᠬᠤᠷ ᠭᠤᠤᠯ ᠪᠠᠯᠭᠠᠰᠤ ᠢᠳᠡᠭᠡᠨ ᠤ ᠠᠮᠤᠷ ᠲᠦᠪᠰᠢᠨ ᠤ ᠰᠢᠪᠠᠳᠠᠨ ᠪᠠᠶᠢᠴᠠᠭᠠᠯᠲᠠ ᠶᠢᠨ ᠠᠵᠢᠯ ᠢ ᠶᠡᠭᠡ ᠪᠠᠷ ᠥᠷᠨᠢᠭᠦᠯᠪᠡ᠃ ᠬᠠᠷᠢᠶ᠎ᠠ ᠣᠷᠣᠨ ᠤ ᠪᠠᠨ ᠰᠤᠷᠭᠠᠭᠤᠯᠢ ᠶᠢᠨ ᠬᠦᠷᠢᠶ᠎ᠡ᠂ ᠢᠳᠡᠭᠡᠨ ᠡᠳ᠋ᠰᠢᠭᠦᠯᠦᠨ ᠦᠢᠯᠡᠳᠪᠦᠷᠢᠯᠡᠬᠦ ᠬᠤᠳᠠᠯᠳᠤᠭᠠᠨ ᠤ ᠡᠷᠦᠬᠡ ᠳᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠭᠤᠣᠯᠳᠠᠯᠭ᠎ᠠ ᠎ ᠲᠠᠢ ᠥᠷᠨᠢᠭᠦᠯᠵᠦ᠂ ᠰᠤᠷᠭᠠᠭᠤᠯᠢ ᠶᠢᠨ ᠬᠤᠭᠤᠯᠠᠨ ᠭᠡᠷ᠂ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠵᠡᠷᠭᠡ ᠵᠠᠩᠭᠢᠯᠠᠭ᠎ᠠ ᠶᠢᠨ ᠲᠠᠯᠠᠪᠤᠷ ᠤᠨ ᠠᠷᠢᠭᠤᠨ ᠴᠡᠪᠡᠷ ᠤᠨ ᠣᠷᠴᠢᠨ ᠲᠣᠭᠤᠷᠢᠨ᠂ ᠠᠵᠢᠯᠯᠠᠵᠤ ᠪᠠᠶᠢᠭ᠎ᠠ ᠬᠥᠮᠥᠰ ᠡᠷᠡᠭᠦᠯ ᠮᠡᠨᠳᠦ ᠶᠢᠨ ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠢᠳᠡᠭᠡᠨ ᠤ ᠲᠦᠭᠦᠬᠡᠢ ᠮᠠᠲ᠋ᠧᠷᠢᠶᠠᠯ ᠢ ᠣᠷᠣᠭᠤᠯᠤᠭᠰᠠᠨ ᠬᠠᠮᠢᠶ᠎ᠠ ᠪᠦᠬᠦᠢ ᠫᠢᠶᠣᠣ ᠪᠠᠷᠢᠮᠲᠠ᠂ ᠬᠤᠭᠤᠯᠠᠨ ᠤ ᠰᠠᠪᠠ ᠬᠡᠷᠡᠭᠰᠡᠯ ᠵᠢᠴᠢ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠷᠢᠭᠤᠳᠬᠠᠭᠰᠠᠨ ᠲᠡᠮᠳᠡᠭᠯᠡᠯ ᠪᠠ ᠦᠯᠢᠭᠡᠷ ᠶᠠᠩᠵᠤ ᠦᠯᠡᠳᠡᠭᠡᠭᠰᠡᠨ ᠡᠬᠡ ᠳᠠᠩᠰᠠ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠬᠦ ᠶᠢᠨ ᠬᠠᠮᠲᠤ ᠵᠢᠷᠤᠮᠵᠢᠯ ᠳᠤ ᠨᠡᠶᠢᠴᠡᠬᠦ ᠦᠭᠡᠢ ᠵᠥᠢᠯ ᠳᠤ ᠤᠯᠠᠮ ᠨᠢᠭᠡ ᠠᠯᠬᠤᠮ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠤ᠂ ᠰᠤᠷᠭᠠᠭᠤᠯᠢ ᠶᠢᠨ ᠬᠤᠭᠤᠯᠠᠨ ᠭᠡᠷ ᠵᠢᠴᠢ ᠦᠢᠯᠡᠳᠪᠦᠷᠢᠯᠡᠯ ᠬᠤᠳᠠᠯᠳᠤᠭᠠᠨ ᠤ ᠡᠷᠦᠬᠡ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠵᠦ᠂ ᠪᠣᠷᠤᠯᠠᠭᠤᠯᠵᠤ ᠪᠠᠶᠢᠭ᠎ᠠ ᠢᠳᠡᠭᠡᠨ ᠤ ᠪᠠᠨ ᠠᠮᠤᠷ ᠲᠦᠪᠰᠢᠨ ᠤ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠎ ᠤᠨ ᠪᠠᠶᠢᠴᠠᠭᠠᠯᠲᠠ ᠴᠡᠭᠴᠡᠯᠡᠨ ᠰᠠᠶᠢᠵᠢᠷᠠᠭᠤᠯᠤᠯᠲᠠ ᠥᠷᠨᠢᠭᠦᠯᠬᠦ ᠶᠢ ᠰᠢᠪᠠᠳᠠᠨ ᠢᠳᠬᠠᠪᠠ᠃    ᠤᠬᠠᠭᠤᠯᠭ᠎ᠠ ᠪᠠᠨ ᠴᠢᠩᠭᠠᠳᠬᠠᠵᠤ ᠂ ︽ ᠤᠬᠠᠭᠤᠯᠬᠤ ᠬᠦᠴᠦᠨ ︾᠎ ᠢ ᠪᠤᠢ ᠪᠣᠯᠭᠠᠪᠠ᠃ ᠮᠣᠬᠤᠷ ᠭᠤᠤᠯ ᠪᠠᠯᠭᠠᠰᠤ ︽ᠬᠤᠶᠠᠷ ᠬᠠᠷᠢᠭᠤᠴᠠᠯᠭ᠎ᠠ︾᠎ ᠶᠢᠨ ᠠᠵᠢᠯ ᠤᠨ ᠲᠣᠭᠲᠠᠴᠠ ᠶᠢ ᠥᠷᠨᠢᠭᠦᠯᠦᠭᠰᠡᠨ ᠠᠴᠠ ᠨᠠᠭᠠᠰᠢ᠂ ᠣᠯᠠᠨ ᠥᠷᠲᠡᠭᠡ ᠬᠠᠮᠲᠤᠷᠠᠨ ︽ ᠰᠤᠷᠭᠠᠭᠤᠯᠢ ᠶᠢᠨ ᠬᠦᠷᠢᠶᠡᠨ ᠳᠤ ᠣᠷᠣᠬᠤ︾ ᠂ ︽ᠴᠤᠭᠯᠠᠭ᠎ᠠ ᠮᠠᠶᠢᠮᠠᠢ ᠳᠤ ᠣᠷᠣᠬᠤ︾ ᠪᠠ ︽ᠬᠤᠳᠠᠯᠳᠤᠭᠠᠨ ᠤ ᠳᠡᠯᠭᠡᠭᠦᠷ ᠲᠤ ᠣᠷᠣᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠤᠬᠠᠭᠤᠯᠭ᠎ᠠ ᠶᠢᠨ ᠮᠠᠲ᠋ᠧᠷᠢᠶᠠᠯ + ᠲᠤᠬᠠᠢ ᠶᠢᠨ ᠲᠠᠯᠠᠪᠤᠷ ᠤᠨ ᠲᠠᠶᠢᠯᠤᠮᠵᠢ︾᠎ ᠶᠢᠨ ᠬᠡᠯᠪᠡᠷᠢ ᠪᠠᠷ ᠤᠬᠠᠭᠤᠯᠭ᠎ᠠ ᠥᠷᠨᠢᠭᠦᠯᠵᠦ᠂ ᠡᠵᠡᠩᠨᠡᠯᠲᠡ ᠶᠢᠨ ᠬᠠᠷᠢᠭᠤᠴᠠᠯᠭᠠᠲᠠᠨ ᠪᠠ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠪᠥᠬᠦ ᠪᠠᠯᠭᠠᠰᠤᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠳᠠᠷᠠᠭᠠᠴᠢ ᠶᠢᠨ ᠠᠯᠬᠤᠮ ᠳᠤ ᠂ ᠮᠣᠬᠤᠷ ᠭᠤᠣᠯ ᠪᠠᠯᠭᠠᠰᠤ ᠢᠳᠡᠭᠡᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠴᠢᠩᠭ᠎ᠠ ᠠᠳᠬᠤᠵᠤ ᠂ ᠤᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢᠶᠠᠷ ᠤᠷᠢᠲᠠᠯ ᠪᠣᠯᠭᠠᠵᠤ ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1