| | 8 ᠰᠠᠷ᠎ᠠ ᠶᠢᠨ 31 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ ᠥᠷᠭᠡᠳᠬᠡᠭᠰᠡᠨ ︶ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠯᠢᠦ ᠬᠠᠢ ᠬᠠᠢ᠂ ᠬᠠᠨ ᠶᠠᠨ | ᠵᠢᠶᠦ᠋ᠨ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠸ ᠬᠤᠷᠠᠯ ᠳᠤ ᠣᠷᠣᠯᠴᠠᠪᠠ᠃ ᠲᠣᠭᠤᠷᠢᠭ ᠤᠨ | ᠤᠳᠤᠷᠢᠳᠤᠯᠭ᠎ᠠ ᠯᠢ ᠺᠠᠢ᠂ ᠸᠠᠩ ᠵᠧᠨ ᠯᠢᠶᠠᠩ᠂ ᠯᠢ ᠽᠥᠩ ᠮᠧᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ | ᠂ ᠦ᠋ ᠰᠢᠸ ᠮᠢᠩ᠂ ᠹᠠᠨ ᠰᠢᠶᠣᠣ ᠴᠢᠦ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠥᠷᠢᠮ︾ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠥᠷᠢᠮ︾ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ | ᠠᠬᠢᠭᠤᠯᠬᠤ ᠳᠦᠷᠢᠮ︾ ᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠵᠢᠷᠭᠤᠭᠠᠨ ︽ᠠᠬᠢᠭᠤᠯᠬᠤ ᠳᠦᠷᠢᠮ︾ ᠨᠢ ︽ | ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠵᠤ᠂ | ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ ᠃ ᠡᠯ᠎ᠡ ᠨᠢᠭᠡᠴᠢ ᠶᠢᠨ ᠬᠢᠨ ᠥᠪᠡᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠤᠶᠠᠯᠳᠤᠯ ᠤᠨ ᠴᠡᠭ ᠂ ᠬᠦᠴᠦᠯᠡᠬᠦ ᠴᠡᠭ ᠢᠶᠠᠨ ᠰᠠᠶᠢᠲᠤᠷ ᠡᠷᠢᠵᠦ ᠂ | ᠦᠨᠳᠦᠰᠦᠲᠡᠨ ᠤ ᠪᠦᠯᠬᠦᠮᠳᠡᠯ ᠢ ᠨᠡᠩ ᠬᠦᠴᠦᠲᠡᠢ ᠠᠬᠢᠭᠤᠯᠬᠤ ᠬᠡᠷᠡᠭᠲᠡᠢ ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠵᠦ ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ ᠂ ᠪᠦᠬᠦ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠭᠤᠣᠯᠳᠠᠯᠭ᠎ᠠ ᠲᠠᠢ ᠳᠡᠭᠡᠭᠰᠢᠯᠡᠭᠦᠯᠵᠦ ᠂ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠬᠤ ᠬᠡᠷᠡᠭᠲᠡᠢ ᠃ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠰᠢᠨ᠎ᠡ ᠡᠨᠧᠷᠭᠢ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠦᠯ ᠵᠦᠢᠯ ᠤᠨ | ᠲᠤᠯᠭᠠᠭᠤᠷᠢᠯᠠᠯ ᠢ ᠴᠢᠩᠭᠠᠳᠬᠠᠵᠤ ᠂ ᠰᠢᠨ᠎ᠡ ᠨᠡᠮᠡᠭᠳᠡᠯ ᠤᠨ ᠴᠡᠭ ᠢ ᠲᠠᠰᠤᠷᠠᠯᠳᠡ ᠦᠭᠡᠢ ᠪᠣᠶᠢᠵᠢᠭᠤᠯᠤᠨ ᠪᠤᠢ | ᠪᠣᠯᠭᠠᠬᠤ ᠬᠡᠷᠡᠭᠲᠡᠢ ᠃ ︽ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ︾ ᠬᠠᠷᠠᠯᠲᠠ ᠶᠢ ᠲᠣᠪᠤᠶᠢᠯᠭᠠᠨ | ᠲᠠᠷᠢᠶᠠᠯᠠᠩ ᠤᠨ ᠬᠥᠭᠵᠢᠯᠲᠡ ᠶᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ | ᠠᠬᠤᠶᠢᠯᠠᠯ ᠢ ᠬᠦᠴᠦᠯᠡᠨ ᠪᠣᠶᠢᠵᠢᠭᠤᠯᠬᠤ ᠪᠠ ᠲᠡᠳᠬᠦᠨ ᠳᠡᠮᠵᠢᠵᠦ᠂ ᠲᠠᠷᠢᠶᠠᠯᠠᠩ ᠤᠨ ᠠᠵᠤ ᠥᠢᠯᠡᠰᠵᠢᠯᠲᠡ ᠶᠢᠨ | ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠲᠣᠭᠤᠷᠢᠭ ᠤᠨ ᠣᠷᠣᠨ ᠪᠠᠶᠢᠷᠢ ᠶᠢᠨ | ᠳᠠᠪᠠᠭᠤᠯᠢᠭ ᠪᠣᠯᠣᠨ ᠭᠠᠳᠠᠭᠠᠳᠤ ᠠᠷᠠᠯᠵᠢᠶᠠᠨ ᠤ ᠰᠠᠭᠤᠷᠢ ᠳᠤ ᠭᠦᠢᠴᠡᠳ ᠲᠦᠰᠢᠭᠯᠡᠵᠦ ᠂ ᠣᠷᠣᠨ ᠪᠦᠰᠡ ᠶᠢᠨ | ᠬᠤᠭᠤᠷᠣᠨᠳᠣᠬᠢ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠭᠠᠳᠠᠭᠠᠳᠤ ᠨᠡᠭᠡᠭᠡᠯᠲᠡ ᠶᠢᠨ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠨᠢ ᠵᠢᠷᠭᠤᠭᠠᠨ ︽ᠠᠬᠢᠭᠤᠯᠬᠤ ᠳᠦᠷᠢᠮ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ | ᠨᠢᠭᠡᠴᠢ ᠶᠢ ᠰᠢᠮᠳᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ | ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ︽ | ᠬᠤᠶᠠᠷ ᠶᠡᠭᠡ ᠶᠠᠪᠤᠳᠠᠯ︾ ᠢ ᠡᠷᠡᠰ ᠭᠤᠶᠢᠪᠢᠰᠢ ᠦᠭᠡᠢ ᠂ ᠥᠨᠢᠳᠡ ᠶᠢᠨ ᠭᠠᠪᠢᠶ᠎ᠠ ᠪᠠᠶᠢᠭᠤᠯᠤᠨ ᠰᠠᠶᠢᠲᠤᠷ ᠬᠢᠵᠦ᠂ | ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | |