ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠬᠤᠨᠳᠠᠭᠠᠲᠤ︾ ᠢᠳᠡᠷᠡᠭᠦᠨ ᠠᠯᠬᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/9/6
   
1_副本.jpg
       9 ᠰᠠᠷ᠎ᠠ ᠶᠢᠨ 3᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ ᠦᠨᠳᠦᠰᠦᠲᠡᠨ ᠤ ᠪᠦᠯᠬᠦᠮᠳᠡᠯ ᠳᠠᠪᠰᠢᠯᠲᠠ ᠬᠤᠨᠳᠠᠭᠠᠲᠤ︾ ᠢᠳᠡᠷᠡᠭᠦᠨ ᠠᠯᠬᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠡᠳᠬᠢᠯ ᠵᠢᠷᠥᠬᠡ ᠪᠠᠨ ᠨᠢᠭᠲᠠᠷᠠᠭᠤᠯᠤᠨ ᠰᠦᠭ ᠰᠦᠨᠡᠰᠦ ᠎ ᠪᠠᠨ ᠱᠤᠭᠤᠨ ᠦᠨᠳᠦᠰᠦ ᠰᠠᠭᠤᠷᠢ ᠶᠢ ᠪᠠᠲᠤᠳᠬᠠᠵᠤ ᠂ ᠰᠢᠨ᠎ᠡ ᠠᠶᠠᠨ ᠳᠤ ᠪᠥᠯᠬᠦᠮᠳᠡᠨ ᠲᠡᠮᠡᠴᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ᠂ 40 ᠳ᠋ᠣᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢ ᠪᠠᠶᠠᠷᠯᠠᠨ ᠤᠭᠲᠤᠪᠠ᠃ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠂ ᠫᠢᠩᠵᠤᠸᠠᠩ ᠪᠠᠯᠭᠠᠰᠤ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠰᠡᠬᠡᠭᠡᠲᠡᠳ ᠤᠨ ᠬᠤᠯᠪᠣᠭ᠎ᠠ ᠂ ᠰᠢᠨ᠎ᠡ ᠬᠤᠯᠪᠣᠭᠠᠲᠤ ᠬᠤᠷᠠᠯ ᠂ ᠬᠠᠷᠢᠶᠠᠲᠤ ᠨᠠᠷ ᠤᠨ ᠬᠤᠯᠪᠣᠭ᠎ᠠ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠵᠤ ᠠᠬᠤᠶᠢᠯᠠᠯ ᠂ ᠨᠡᠷᠡᠨ ᠬᠡᠷᠡᠯᠳᠦ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠵᠡᠷᠭᠡ ᠨᠢᠭᠡᠴᠢ ᠶᠢᠨ 100 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ ᠃
2_副本.jpg
       ᠲᠤᠰ ᠤᠳᠠᠭᠠᠨ ᠤ ᠠᠵᠢᠯᠯᠠᠭ᠎ᠠ ᠶᠢ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠬᠢᠯᠡᠵᠦ ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠶᠤᠸᠠᠨ ᠪᠦᠦ ᠱᠠᠨ ᠲᠣᠭᠤᠷᠢᠭ ᠤᠨ ᠨᠠᠮ ᠤᠨ ᠡᠭᠦᠷ ᠂ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠂ ᠬᠦ᠋ ᠹᠧᠩ ᠰᠧ ᠰᠦᠮ᠎ᠡ ᠳᠠᠭᠠᠭᠠᠴᠢᠯᠠᠨ ᠡᠷᠬᠢᠯᠡᠵᠦ ᠂ ᠫᠢᠩᠵᠤᠸᠠᠩ ᠪᠠᠯᠭᠠᠰᠤᠨ ᠤ ᠨᠠᠮ ᠤᠨ ᠬᠤᠷᠢᠶ᠎ᠠ ᠂ ᠬᠦ᠋ ᠱᠠᠨ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠠᠴᠠ ᠬᠠᠮᠵᠢᠨ ᠡᠷᠬᠢᠯᠡᠪᠡ ᠃    ᠠᠯᠲᠠᠨ ᠨᠠᠮᠤᠷ ᠤᠨ ᠶᠢᠰᠦᠨ ᠰᠠᠷ᠎ᠠ ᠶᠢᠨ ᠨᠡᠷᠡᠨ ᠤ ᠲᠤᠶᠠᠭᠠᠨ ᠳᠤ 100 ᠭᠠᠷᠤᠢ ᠬᠥᠮᠥᠨ ᠢᠳᠡᠷᠡᠭᠦᠨ ᠠᠯᠬᠤᠭ᠎ᠠ ᠪᠠᠷ ᠬᠥ᠋ ᠱᠠᠨ ᠽᠢ ᠲᠣᠰᠬᠤᠨ ᠤ ᠠᠭᠤᠳᠠᠮ ᠲᠠᠯᠠᠪᠠᠶ ᠠᠴᠠ ᠮᠣᠷᠳᠠᠵᠤ᠂ 4 ᠺᠢᠯᠣᠮᠧᠲᠷ ᠤᠨ ᠠᠶᠠᠯᠠᠯ ᠤᠨ ᠵᠠᠮ ᠳᠤ ᠣᠯᠠᠨ ᠢᠶᠠᠷ ᠢᠶᠠᠨ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠴᠤᠭ ᠰᠦᠯᠳᠡ ᠪᠠᠨ ᠪᠠᠳᠠᠷᠠᠭᠤᠯᠤᠨ᠂ ᠵᠠᠮ ᠲᠤᠵᠢ ᠪᠠᠶᠠᠷᠯᠠᠨ ᠬᠥᠭᠡᠷᠦᠯᠳᠦᠵᠦ᠂ ᠬᠠᠷᠢᠯᠴᠠᠨ ᠡᠷᠴᠢ ᠵᠣᠷᠢᠭ ᠢᠶᠠᠨ ᠬᠥᠪᠴᠢᠯᠡᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠬᠦᠴᠦᠲᠡᠢ ᠠᠬᠢᠭᠤᠯᠪᠠ᠃    ᠬᠤᠶᠢᠰᠢᠳᠠ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠭᠦᠨ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ  ᠰᠡᠭᠡᠭᠡᠲᠡᠳ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠵᠡᠷᠭᠡ ᠶᠢ ᠦᠷᠭᠦᠯᠵᠢᠯᠡᠨ ᠬᠥᠲᠥᠯᠥᠨ ᠵᠢᠯᠣᠭᠤᠳᠴᠤ᠂ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠂ ︽ ᠰᠡᠳᠬᠢᠯ ᠵᠢᠷᠥᠬᠡ ᠪᠠᠨ ᠨᠢᠭᠲᠠᠷᠠᠭᠤᠯᠤᠨ ᠰᠦᠭ ᠰᠦᠨᠡᠰᠦ ᠎ ᠪᠠᠨ ᠱᠤᠭᠤᠨ ᠦᠨᠳᠦᠰᠦ ᠰᠠᠭᠤᠷᠢ ᠶᠢ ᠪᠠᠲᠤᠳᠬᠠᠵᠤ ᠂ ᠰᠢᠨ᠎ᠡ ᠠᠶᠠᠨ ᠳᠤ ᠪᠥᠯᠬᠦᠮᠳᠡᠨ ᠲᠡᠮᠡᠴᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠵᠦ ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1