ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠬᠥᠳᠡᠯᠮᠦᠷᠢ ᠬᠦᠴᠦ ᠬᠡᠷᠡᠭᠯᠡᠬᠦ ᠬᠠᠤᠯᠢ ᠴᠠᠭᠠᠵᠠ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/7
    ᠣᠶᠢᠷ᠎ᠠ ᠳᠤ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠬᠠᠷᠢᠶ᠎ᠠ ᠣᠷᠣᠨ ᠤ ᠪᠠᠨ ᠫᠢᠩᠵᠤᠸᠠᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠵᠡᠷᠭᠡ ᠭᠤᠷᠪᠠᠨ ᠠᠵᠤ ᠠᠬᠤᠶᠢᠯᠠᠯ ᠳᠤ ᠬᠦᠷᠴᠦ ᠬᠥᠳᠡᠯᠮᠦᠷᠢ ᠬᠦᠴᠦ ᠬᠡᠷᠡᠭᠯᠡᠬᠦ ᠬᠠᠤᠯᠢ ᠴᠠᠭᠠᠵᠠ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠡᠶ᠎ᠡ ᠵᠣᠬᠢᠴᠠᠯ ᠲᠠᠢ ᠪᠥᠭᠡᠳ ᠲᠣᠭᠲᠠᠪᠤᠷᠢᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠠᠵᠢᠯᠯᠠᠭ᠎ᠠ ᠶᠢ ᠨᠠᠩ ᠰᠠᠶᠢᠲᠤᠷ ᠵᠢᠷᠤᠮᠵᠢᠭᠤᠯᠵᠤ᠂ ᠠᠵᠤ ᠠᠬᠤᠶᠢᠯᠠᠯ ᠪᠠ ᠠᠵᠢᠯᠲᠠᠨ  ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃
1_副本.jpg
       ᠡᠨᠡ ᠤᠳᠠᠭᠠᠨ ᠤ ᠠᠵᠢᠯᠯᠠᠭ᠎ᠠ ᠳᠤ᠂ ᠠᠵᠤ ᠠᠬᠤᠶᠢᠯᠠᠯ ᠤᠨ ᠬᠥᠳᠡᠯᠮᠦᠷᠢ ᠬᠥᠴᠥ ᠬᠡᠷᠡᠭᠯᠡᠬᠦ ᠬᠠᠮᠢᠶ᠎ᠠ ᠪᠦᠬᠦᠢ ᠳᠠᠩᠰᠠ ᠡᠪᠬᠡᠮᠡᠯ ᠢ ᠪᠠᠶᠢᠴᠠᠭᠠᠬᠤ ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠬᠥᠳᠡᠯᠮᠦᠷᠢ ᠶᠢᠨ ᠭᠡᠷ᠎ᠡ ᠲᠣᠭᠲᠠᠭᠠᠬᠤ ᠂ ᠴᠠᠯᠢᠩ ᠥᠭᠬᠦ ᠂ ᠨᠡᠶᠢᠭᠡᠮ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ ᠵᠡᠷᠭᠡ ᠠᠰᠠᠭᠤᠳᠠᠯ ᠤᠨ ᠲᠠᠯ᠎ᠠ ᠪᠠᠷ ᠤᠯᠠᠨ ᠲᠠᠯ᠎ᠠ ᠶᠢᠨ ᠬᠠᠤᠯᠢ ᠪᠠᠷ ᠵᠠᠰᠠᠬᠤ ᠪᠠᠶᠢᠴᠠᠭᠠᠯᠲᠠ ᠬᠢᠭᠰᠡᠨ ᠪᠥᠭᠡᠳ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢᠨ ᠰᠢᠯᠲᠠᠭᠠᠨ ᠢ ᠵᠠᠳᠠᠯᠵᠤ ᠂ ᠪᠣᠳᠠᠲᠠᠢ ᠰᠠᠨᠠᠯ ᠪᠠ ᠰᠠᠨᠠᠭᠤᠯᠭ᠎ᠠ ᠳᠤᠷᠠᠳᠴᠤ ᠂ ᠠᠵᠤ ᠠᠬᠤᠶᠢᠯᠠᠯ ᠢ ᠬᠠᠪᠰᠤᠷᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠠᠵᠢᠯᠲᠠᠨ ᠬᠡᠷᠡᠭᠯᠡᠭᠦᠯᠵᠦ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠵᠦ ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ ᠃
2_副本.jpg
       ᠠᠵᠢᠯᠯᠠᠭ᠎ᠠ ᠶᠢ ᠥᠷᠨᠢᠭᠦᠯᠦᠭᠰᠡᠨ ᠨᠢ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠶᠣᠰᠣᠭᠠᠷ ᠠᠵᠢᠯᠲᠠᠨ ᠬᠡᠷᠡᠭᠯᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠲᠣᠰ ᠪᠡᠶ᠎ᠡ ᠶᠢᠨ ᠡᠷᠬᠡ ᠠᠰᠢᠭ ᠢᠶᠠᠨ ᠤᠶᠤᠨᠯᠢᠭ ᠢᠶᠠᠷ ᠬᠠᠮᠠᠭᠠᠯᠠᠭᠤᠯᠵᠤ᠂ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠡᠶ᠎ᠡ ᠵᠣᠬᠢᠴᠠᠯ ᠲᠠᠢ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1