ᠶᠤᠸᠠᠨ ᠪᠦᠦ ᠱᠠᠨ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ᠠᠵᠤ ᠠᠬᠤᠶᠢᠯᠠᠯ ᠳᠤ ᠭᠦᠨᠵᠡᠭᠡᠶᠢᠷᠡᠨ ︽ᠳᠡᠭᠡᠳᠦ ᠱᠠᠲᠤᠨ ᠤ ᠬᠢᠨ ᠳᠣᠣᠷᠠᠳᠤ ᠱᠠᠲᠤᠨ ᠤ ᠬᠢᠨ ᠳᠤ ᠣᠷᠣᠯᠴᠠᠬᠤ︾ ᠬᠠᠮᠲᠤ ᠪᠠᠷ ᠵᠥᠪᠳᠡᠯᠴᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/7
    ᠣᠶᠢᠷ᠎ᠠ ᠳᠤ᠂ ᠶᠤᠸᠠᠨ ᠪᠦᠦ ᠱᠠᠨ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ︽ᠳᠡᠭᠡᠳᠦ ᠱᠠᠲᠤᠨ ᠤ ᠬᠢᠨ ᠳᠣᠣᠷᠠᠳᠤ ᠱᠠᠲᠤᠨ ᠤ ᠬᠢᠨ ᠳᠤ ᠣᠷᠣᠯᠴᠠᠬᠤ︾ ᠬᠡᠯᠪᠡᠷᠢ ᠪᠠᠷ ᠤᠯᠠᠭᠠᠨᠬᠠᠳᠠ ᠶᠢᠨ ᠶᠢᠨ ᠲᠦᠩ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠮᠲᠤ ᠪᠠᠷ ᠵᠥᠪᠳᠡᠯᠴᠡᠬᠦ ᠠᠵᠢᠯ ᠤᠨ ᠬᠤᠷᠠᠯ ᠳᠤ ᠣᠷᠣᠯᠴᠠᠵᠤ᠂ ᠠᠵᠢᠯᠲᠠᠨ  ᠤ ᠲᠠᠯ᠎ᠠ ᠶᠢᠨ ᠲᠥᠯᠥᠭᠡᠯᠡᠭᠴᠢ ᠬᠢᠭᠡᠳ ᠠᠵᠤ ᠠᠬᠤᠶᠢᠯᠠᠯ ᠤᠨ ᠲᠠᠯ᠎ᠠ ᠶᠢᠨ ᠲᠥᠯᠥᠭᠡᠯᠡᠭᠴᠢ ᠶᠢ ᠵᠢᠯᠣᠭᠤᠳᠤᠨ ᠵᠥᠪᠳᠡᠯᠴᠡᠬᠦ ᠶᠢᠨ ᠬᠠᠮᠲᠤ ᠭᠡᠷ᠎ᠡ ᠶᠢᠨ ᠲᠥᠰᠥᠯ ᠢ ᠪᠣᠶ ᠪᠣᠯᠭᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠮᠲᠤ ᠪᠠᠷ ᠵᠥᠪᠳᠡᠯᠴᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠠᠵᠢᠯᠲᠠᠨ  ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ
1_副本.jpg
       ᠬᠠᠮᠲᠤ ᠶᠢᠨ ᠵᠥᠪᠯᠡᠯᠭᠡᠨ ᠤ ᠬᠤᠷᠠᠯ ᠳᠡᠭᠡᠷ᠎ᠡ ᠂ ᠬᠤᠶᠠᠷ ᠲᠠᠯ᠎ᠠ ᠶᠢᠨ ᠲᠥᠯᠥᠭᠡᠯᠡᠭᠴᠢ ᠠᠵᠢᠯᠲᠠᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠴᠠᠯᠢᠩ ᠬᠥᠯᠥᠰᠦ ᠂ ᠠᠰᠠᠷᠠᠮᠵᠢ ᠬᠠᠷᠠᠭᠠᠯᠵᠠᠯ ᠂ ᠬᠥᠳᠡᠯᠮᠦᠷᠢ ᠶᠢᠨ ᠬᠠᠮᠠᠭᠠᠯᠠᠯᠲᠠ ᠶᠢᠨ ᠪᠠᠷᠢᠮᠵᠢᠶ᠎ᠠ ᠂ ᠵᠢᠯ ᠤᠨ ᠠᠮᠠᠷᠠᠯᠲᠠ ᠶᠢᠨ ᠴᠢᠯᠦᠭᠡ ᠵᠡᠷᠭᠡ ᠠᠰᠠᠭᠤᠳᠠᠯ ᠤᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠦ ᠂ ᠬᠤᠶᠠᠷ ᠲᠠᠯ᠎ᠠ ᠶᠢᠨ ᠲᠥᠯᠥᠭᠡᠯᠡᠭᠴᠢ ᠵᠥᠪᠳᠡᠯᠴᠡᠭᠰᠡᠨ ᠤ ᠲᠠᠷᠠᠭ᠎ᠠ ᠂ ᠳᠡᠭᠡᠷ᠎ᠡ ᠳᠤᠷᠠᠳᠤᠭᠰᠠᠨ ᠠᠰᠠᠭᠤᠳᠠᠯ ᠤᠨ ᠲᠤᠬᠠᠢ ᠰᠠᠨᠠᠯ ᠨᠢᠭᠡᠲᠡᠢ ᠪᠣᠯᠪᠠ ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠠᠵᠤ ᠠᠬᠤᠶᠢᠯᠠᠯ ᠳᠤ ᠭᠦᠨᠵᠡᠭᠡᠶᠢᠷᠡᠨ᠂ ᠬᠠᠮᠲᠤ ᠪᠠᠷ ᠵᠥᠪᠳᠡᠯᠴᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢ ᠦᠷᠭᠦᠯᠵᠢᠯᠡᠨ ᠲᠣᠭᠲᠠᠭᠰᠠᠨ᠂ ᠰᠢᠨ᠎ᠡ ᠪᠠᠷ ᠲᠣᠭᠲᠠᠭᠰᠠᠨ ᠪᠠᠶᠢᠳᠠᠯ ᠢ ᠴᠠᠭ ᠲᠤᠬᠠᠢ ᠳᠤᠨᠢ ᠵᠢᠯᠤᠭᠤᠳᠴᠤ᠂ ᠠᠵᠤ ᠠᠬᠤᠶᠢᠯᠠᠯ ᠤᠨ ᠬᠠᠮᠲᠤ ᠪᠠᠷ ᠵᠥᠪᠳᠡᠯᠴᠡᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠵᠢᠯᠲᠠᠨ ᠎ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠲᠣᠭᠲᠠᠭᠤᠨ ᠢᠶᠠᠷ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1