ᠶᠤᠸᠠᠨ ᠪᠦᠦ ᠱᠠᠨ ᠲᠣᠭᠤᠷᠢᠭ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠯᠠᠬᠤ ᠪᠠ ᠳᠡᠭᠡᠭᠰᠢᠯᠡᠭᠦᠯᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/7
   
1_副本.jpg
       9 ᠰᠠᠷ᠎ᠠ ᠶᠢᠨ 4᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ ᠶᠤᠸᠠᠨ ᠪᠦᠦ ᠱᠠᠨ ᠲᠣᠭᠤᠷᠢᠭ ᠤᠨ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠯᠠᠬᠤ ᠪᠠ ᠳᠡᠭᠡᠭᠰᠢᠯᠡᠭᠦᠯᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠂ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃    ᠬᠤᠷᠠᠯ ᠳᠡᠭᠡᠷ᠎ᠡ ᠂ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠬᠠᠷᠢᠭᠤᠴᠠᠯᠭᠠᠲᠠᠨ ᠠᠴᠠ ᠪᠦᠬᠦ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠤᠷᠢᠨ ᠵᠦᠢᠯ ᠤᠨ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠵᠢᠶᠣᠣ ᠴᠢᠩ ᠳ᠋ᠦᠩ ᠴᠢᠬᠤᠯᠠᠴᠢᠯᠠᠭᠰᠠᠨ ᠨᠢ ᠂ ᠡᠯ᠎ᠡ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠎ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠥᠨ᠂ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠢ ᠲᠠᠨᠢᠬᠤ ᠬᠡᠷᠡᠭᠲᠡᠢ ᠃ ᠭᠦᠨᠵᠡᠭᠡᠢ ᠰᠤᠳᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠂ ᠪᠥᠬᠦ ᠲᠣᠭᠤᠷᠢᠭ ᠤᠨ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠬᠠᠷᠢᠭᠤᠴᠠᠯᠭ᠎ᠠ ᠬᠢᠭᠡᠳ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ᠃ ᠭᠤᠣᠯᠳᠠᠯᠭ᠎ᠠ ᠶᠢ ᠲᠣᠪᠤᠶᠢᠯᠭᠠᠨ ᠬᠠᠮᠢᠶᠠᠷᠤᠨ ᠡᠵᠡᠮᠳᠡᠵᠦ ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ ᠂ ᠬᠠᠮᠢᠶᠠᠷᠤᠨ ᠡᠵᠡᠮᠳᠡᠬᠦ ᠵᠢᠴᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠶᠠᠪᠤᠳᠠᠯ ᠬᠢᠵᠦ ᠂ ᠡᠭᠦᠷᠭᠡ ᠪᠠᠨ ᠪᠣᠳᠠᠲᠠᠢ ᠪᠥᠭᠡᠳ ᠨᠠᠷᠢᠨ ᠨᠢᠮᠪᠠᠢ ᠠᠳᠬᠤᠨ᠂ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1