︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/9/7
ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ       ᠶᠤᠸᠠᠨ ᠪᠤᠤ ᠱᠠᠨ ᠵᠠᠰᠠᠭ ᠠᠯᠪᠠᠨ ᠦᠰᠦᠭ〔2023〕30 ᠳ᠋ᠤᠭᠠᠷ ᠲᠣᠭᠠᠲᠤ       ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    ︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄    ︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠎ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                 2023 ᠣᠨ ᠤ 9 ᠰᠠᠷ᠎ᠠ ᠶᠢᠨ 5    ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠎ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ  ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ  ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ︾ ᠵᠢᠴᠢ ︽ᠤᠯᠠᠭᠠᠨᠬᠠᠳᠠ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾ ︽ᠶᠤᠸᠠᠨ ᠪᠦᠦ ᠱᠠᠨ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃    ᠨᠢᠭᠡ ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠥᠨ᠎ᠡ    ︵ᠨᠢᠭᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠠ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ ᠂ ᠡᠭᠦᠷᠭᠡ ᠴᠢᠳᠠᠪᠤᠷᠢ ᠂ ᠡᠷᠬᠡ ᠶᠢᠨ ᠬᠢᠵᠠᠭᠠᠷ ᠂ ᠵᠢᠷᠤᠮ ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠡᠷᠬᠡ ᠶᠢ ᠳᠣᠷᠣᠭᠰᠢ ᠪᠠᠭᠤᠯᠭᠠᠬᠤ ᠶᠢᠨ ᠬᠥᠯᠢᠶᠡᠨ ᠠᠪᠴᠤ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ ᠂ ᠲᠣᠭᠤᠷᠢᠭ ᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ ᠨᠡᠶᠢᠲᠡᠯᠡᠬᠦ ᠠᠵᠢᠯ ᠢ ᠪᠡᠶᠡᠯᠡᠭᠦᠯᠦᠨ᠎ᠡ ᠃ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠬᠡᠷᠡᠭᠵᠢᠭᠦᠯᠵᠦ ᠂ ︽ ᠴᠠᠭᠠᠵᠠᠯᠠᠬᠤ ᠦᠭᠡᠢ ᠪᠣᠯ ᠣᠷᠣᠭᠤᠯᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃    ︵ᠬᠤᠶᠠᠷ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠮᠡᠳᠡᠭᠳᠡᠬᠦ ᠠᠮᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠡᠰᠡᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠵᠤ ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠤᠨ᠎ᠠ ᠃ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠵᠦ ᠂ ᠭᠡᠷᠡᠴᠢᠯᠡᠬᠦ ᠵᠦᠢᠯᠡᠰ ᠤᠨ ᠲᠣᠳᠣᠷᠬᠠᠢ ᠬᠠᠭᠤᠳᠠᠰᠤ ᠪᠠ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠎ᠠ ᠃ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠪᠦᠷᠢᠨᠰᠢᠭᠦᠯᠵᠦ ᠂ ᠪᠦᠬᠦ ᠤᠯᠤᠰ ᠤᠨ ᠨᠢᠭᠡᠳᠦᠯᠲᠡᠢ ᠬᠢᠨᠠᠨ ᠬᠠᠮᠢᠶᠠᠷᠬᠤ ᠳᠦᠷᠢᠮ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠵᠦᠢᠯᠡᠰ ᠢ ᠣᠷᠣᠭᠤᠯᠪᠠᠰᠤ ᠵᠣᠬᠢᠬᠤ ᠵᠦᠢᠯ ᠢ ᠵᠠᠪᠠᠯ ᠣᠷᠣᠭᠤᠯᠬᠤ ᠶᠢ ᠠᠬᠢᠭᠤᠯᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾᠎ ᠶᠢᠨ ᠲᠠᠰ ᠳᠡᠪᠰᠢᠭᠰᠡᠨ ᠬᠡᠪ ᠢ ᠲᠥᠷᠭᠡᠳᠬᠡᠨ᠎ᠡ᠃    ︵ᠭᠤᠷᠪᠠ︶ ᠬᠠᠤᠯᠢ ᠪᠠᠷ ᠵᠠᠰᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠮᠴᠢᠯᠡᠬᠦ ᠡᠷᠬᠡ ᠂ ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ ᠃ ᠬᠠᠤᠯᠢ ᠲᠣᠭᠲᠠᠭᠠᠯ ᠢ ᠵᠥᠷᠢᠴᠡᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠂ ᠪᠠᠶᠢᠴᠠᠭᠠᠬᠤ ᠂ ᠲᠡᠰᠬᠡᠨ ᠲᠠᠲᠠᠪᠤᠷᠢᠯᠠᠬᠤ ᠵᠦᠢᠯᠡᠰ ᠪᠠ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠢᠯᠭᠠᠷᠠᠭᠤᠯᠤᠨ ᠲᠢᠭᠯᠡᠨ᠎ᠡ ᠃ ᠳᠣᠲᠤᠨᠤ᠂ ᠴᠢᠭᠡᠴᠢ᠂ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠎ ᠤ ᠬᠠᠷᠢᠴᠠᠭ᠎ᠠ ᠶᠢ ᠪᠠᠶᠢᠭᠤᠯᠵᠤ ᠂ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠤᠨ ᠦᠢᠯᠡᠳᠦᠯ ᠢ ᠪᠠᠳᠠᠷᠠᠭᠤᠯᠤᠨ ᠂ ᠠᠵᠤ ᠠᠬᠤᠶᠢᠯᠠᠯ ᠪᠠ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠤᠨ᠎ᠠ ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠵᠠᠰᠠᠵᠤ ᠂ ᠵᠠᠯᠬᠠᠭᠠᠨ ᠰᠢᠳᠬᠡᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠃ ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠷᠢᠯᠢᠭ ᠪᠣᠲᠠᠲᠠᠢ ᠨᠠᠶᠢᠳᠠᠪᠤᠷᠢᠵᠢᠭᠤᠯᠤᠨ᠎ᠠ ᠃ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ︽ᠴᠢᠭ᠋ ᠠᠴᠠ ᠴᠢᠭ᠋ ᠲᠤ ᠬᠦᠷᠬᠦ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠢ ᠭᠦᠢᠴᠡᠳᠬᠡᠬᠦ ᠶᠢ ᠪᠥᠬᠦ ᠶᠠᠪᠤᠴᠠ ᠪᠠᠷ ᠮᠥᠷᠳᠡᠨ ᠪᠠᠲᠤᠯᠠᠨ᠎ᠠ᠃ ︽ ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ︾ ᠠᠵᠢᠯᠯᠠᠭ᠎ᠠ ᠶᠢ ᠦᠷᠭᠦᠯᠵᠢᠯᠡᠨ ᠭᠥᠨᠵᠡᠭᠡᠶᠢᠷᠡᠭᠦᠯᠥᠨ᠎ᠡ᠃    ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠥᠨ᠎ᠡ    ︵ᠳᠥᠷᠪᠡ︶ ᠴᠢᠬᠤᠯᠠ ᠬᠦᠷᠢᠶᠡᠨ ᠳᠠᠬᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠠᠵᠢᠯ ᠢ ᠴᠢᠩᠭᠠᠳᠬᠠᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠵᠢᠷᠤᠮᠵᠢᠯ ᠎ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠶᠢᠨ ᠴᠢᠭᠯᠡᠭᠦᠯᠦᠯᠲᠦ ᠴᠢᠨᠠᠷ ᠂ ᠴᠠᠭ ᠬᠤᠭᠤᠴᠠᠭᠠᠲᠤ ᠴᠢᠨᠠᠷ ᠎ ᠢ ᠲᠤᠪᠤᠶᠢᠯᠭᠠᠬᠤ ᠬᠡᠷᠡᠭᠲᠡᠢ ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠦᠨᠳᠦᠰᠦᠲᠡᠨ ᠤ ᠠᠵᠢᠯ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭᠠᠳᠬᠠᠨ ᠰᠠᠶᠢᠵᠢᠷᠠᠭᠤᠯᠵᠤ᠂ ︽ ᠪᠠᠭ᠎ᠠ ᠲᠥᠷᠭᠡᠨ ᠠᠮᠢᠳᠤᠯᠢᠭ︾ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠠᠵᠢᠯ ᠢ ᠠᠬᠢᠭᠤᠯᠤᠨ᠎ᠠ᠃    ︵ᠲᠠᠪᠤ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠵᠢᠯᠴᠠᠨ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠷᠤᠮᠵᠢᠯ ᠎ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠠᠶᠢᠳᠠᠯ ᠎ ᠢ ᠦᠨᠡᠯᠡᠨ ᠵᠢᠱᠢᠬᠦ ᠶᠢ ᠴᠢᠩᠭᠠᠳᠬᠠᠨ ᠂ ᠵᠢᠷᠤᠮᠵᠢᠯ ᠎ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃    ︵ ᠵᠢᠷᠭᠤᠭ᠎ᠠ ︶ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠳᠤ ᠢᠳᠡᠪᠬᠢᠲᠡᠢ ᠣᠷᠣᠯᠴᠠᠵᠤ ᠬᠠᠮᠵᠢᠯᠴᠠᠨ᠎ᠠ ᠃ ᠬᠠᠤᠯᠢ ᠲᠣᠭᠲᠠᠭᠠᠬᠤ ᠰᠠᠨᠠᠭᠤᠯᠭ᠎ᠠ ᠶᠢ ᠢᠳᠡᠪᠬᠢᠲᠡᠢ ᠳᠤᠷᠠᠳᠴᠤ ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠂ ᠬᠠᠤᠯᠢ ᠲᠣᠭᠲᠠᠭᠠᠯᠲᠠ ᠶᠢᠨ ᠦᠨᠡᠯᠡᠨ ᠵᠢᠱᠢᠯᠲᠡ ᠳᠤ ᠥᠷᠭᠡᠨ ᠢᠶᠠᠷ ᠣᠷᠣᠯᠴᠠᠵᠤ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠢᠨᠠᠮᠠᠭᠠᠢ ᠥᠷᠨᠢᠭᠦᠯᠪᠡ ᠃ ᠣᠷᠣᠨ ᠨᠤᠲᠤᠭ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢ ᠬᠠᠮᠵᠢᠨ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠬᠤ ᠴᠢᠳᠠᠮᠵᠢ ᠪᠠ ᠦᠢᠯᠡᠳᠦᠯ ᠢ ᠦᠨᠡᠨ ᠬᠦ ᠪᠠᠳᠠᠷᠠᠭᠤᠯᠤᠨ᠎ᠠ ᠃    ᠭᠤᠷᠪᠠ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ    ︵ᠳᠣᠯᠤᠭ᠎ᠠ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠪᠣᠭᠤᠮᠲᠠ ᠶᠢ ᠴᠢᠩᠭ᠎ᠠ ᠠᠳᠬᠤᠨ᠎ᠠ ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ ᠂ ᠵᠠᠰᠠᠭ ᠤᠨ ᠣᠷᠳᠣᠨ ᠤ ᠬᠠᠤᠯᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠯᠠᠭᠰᠠᠨ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠣᠯ ᠬᠠᠷᠢᠭᠤᠴᠠᠯᠭᠠᠲᠠᠨ ᠳᠤ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠨ᠎ᠠ᠃    ︵ᠨᠠᠢᠮᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠣᠨ ᠤ ᠭᠠᠷᠴᠠᠭ ᠢ ᠢᠯᠡ ᠪᠣᠯᠭᠠᠬᠤ ᠳᠦᠷᠢᠮ ᠢ ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠡᠮᠳᠡᠭᠯᠡᠬᠦ ᠪᠠ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠦᠷᠢᠨᠰᠢᠭᠦᠯᠦᠨ᠎ᠡ᠃ ᠨᠡᠶᠢᠭᠡᠮ ᠤᠨ ᠣᠯᠠᠨ ᠨᠡᠶᠢᠲᠡ ᠶᠢᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠦᠪᠵᠢᠭᠦᠯᠭᠡ᠂ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠂ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠳᠤ ᠭᠡᠷᠡᠴᠢᠯᠡᠭᠡ ᠰᠣᠨᠣᠰᠬᠤ ᠬᠤᠷᠠᠯ᠂ ᠰᠠᠨᠠᠯ ᠬᠤᠷᠢᠶᠠᠬᠤ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠨᠡᠶᠢᠲᠡ ᠪᠠᠷ ᠢᠶᠠᠨ ᠣᠷᠣᠯᠴᠠᠬᠤ ᠪᠠ ᠲᠤᠰᠬᠠᠢ ᠮᠡᠷᠭᠡᠵᠢᠯᠲᠡᠳ ᠤᠨ ᠨᠤᠲᠠᠯᠠᠯᠲᠠ ᠬᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃    ︵ᠶᠢᠰᠦ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ ᠪᠠ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠬᠡᠷᠡᠭᠯᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠦᠷᠢᠮ ᠢ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃    ᠳᠥᠷᠪᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠥᠨ᠎ᠡ    ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾᠎ ᠢ ᠬᠢᠨᠠᠮᠠᠭᠠᠢ ᠲᠤᠭᠤᠰᠢᠯᠠᠭᠤᠯᠤᠨ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠱᠠᠭᠠᠷᠳᠠᠯᠭ᠎ᠠ ᠶᠣᠰᠣᠭᠠᠷ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ  ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠵᠦ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠥᠨ᠎ᠡ ᠃    ︵ᠠᠷᠪᠠᠨ ᠨᠢᠭᠡ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠢᠳᠡᠭᠡᠨ ᠤ ᠵᠦᠢᠯ ᠡᠮ ᠤᠨ ᠵᠦᠢᠯ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠪᠠᠶᠢᠭᠠᠯᠢ ᠶᠢᠨ ᠡᠬᠢ ᠪᠠᠶᠠᠯᠢᠭ ᠂ ᠠᠮᠢ ᠠᠬᠤᠢ ᠶᠢᠨ ᠣᠷᠴᠢᠨ ᠨᠥᠬᠦᠴᠡᠯ ᠂ ᠠᠶᠤᠯᠭᠦᠢ ᠦᠢᠯᠡᠳᠪᠦᠷᠢᠯᠡᠯ ᠂ ᠬᠥᠳᠡᠯᠮᠦᠷᠢ ᠶᠢᠨ ᠪᠠᠲᠤᠯᠠᠭ᠎ᠠ ᠂ ᠨᠡᠶᠢᠭᠡᠮ ᠤᠨ ᠪᠠᠲᠤᠯᠠᠭ᠎ᠠ ᠂ ᠬᠤᠳᠠ ᠶᠢᠨ ᠬᠠᠮᠢᠶᠠᠷᠤᠯᠲᠠ ᠂ ᠵᠠᠮ ᠲᠡᠭᠡᠭᠡᠪᠦᠷᠢ ᠂ ᠮᠥᠩᠭᠦᠨ ᠭᠦᠢᠯᠭᠡᠭᠡᠨ ᠤ ᠦᠢᠯᠡᠴᠢᠯᠡᠭᠡ ᠂ ᠬᠥᠮᠦᠵᠢᠯ ᠪᠣᠯᠪᠠᠰᠤᠷᠠᠭᠤᠯᠤᠯ ᠂ ᠬᠡᠭᠡᠷ᠎ᠡ ᠶᠢᠨ ᠠᠮᠢᠳᠠᠨ ᠤ ᠬᠠᠮᠠᠭᠠᠯᠠᠯᠲᠠ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠂ ᠬᠠᠤᠯᠢ ᠶᠢ ᠵᠥᠷᠢᠴᠡᠵᠦ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ ᠃    ︵ᠠᠷᠪᠠᠨ ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠂ ᠪᠢᠴᠢᠭ ᠬᠠᠷ᠎ᠠ ᠶᠢᠨ ᠬᠡᠪ ᠵᠠᠭᠪᠤᠷ ᠪᠠ ᠦᠨᠳᠦᠰᠦᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠢ ᠲᠣᠬᠢᠷᠠᠭᠤᠯᠤᠨ ᠂ ᠬᠢᠨᠠᠨ ᠬᠠᠷᠭᠤᠭᠤᠯᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠲᠡᠭᠦᠯᠳᠡᠷᠵᠢᠭᠦᠯᠦᠨ᠎ᠡ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠬᠦᠷᠭᠡᠬᠦ ᠳᠦᠷᠢᠮ ᠢ ᠲᠡᠭᠦᠯᠳᠡᠷᠵᠢᠭᠦᠯᠵᠦ᠂ ᠲᠣᠰ ᠰᠢᠰᠲ᠋ᠧᠮ᠂ ᠲᠣᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ ᠨᠡᠶᠢᠲᠡᠯᠡᠨ᠎ᠡ᠃    ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠬᠡᠷᠡᠭᠲᠡᠢ᠃ ᠢᠳᠬᠠᠨ ᠬᠥᠮᠥᠵᠢᠭᠦᠯᠬᠦ ᠂ ᠢᠳᠬᠠᠨ ᠦᠯᠢᠭᠡᠷ ᠵᠢᠱᠢᠶ᠎ᠡ ᠦᠵᠡᠭᠦᠯᠬᠦ ᠂ ᠰᠡᠷᠡᠮᠵᠢᠯᠡᠭᠦᠯᠦᠨ ᠦᠨᠡᠨᠴᠢ ᠪᠠᠷ ᠮᠡᠳᠡᠭᠳᠡᠬᠦ ᠂ ᠪᠣᠯᠵᠣᠨ ᠶᠠᠷᠢᠯᠴᠠᠬᠤ ᠶᠢ ᠵᠢᠯᠤᠭᠤᠳᠬᠤ ᠵᠡᠷᠭᠡ ᠬᠠᠤᠯᠢ ᠬᠡᠷᠡᠭᠵᠢᠭᠦᠯᠬᠦ ᠵᠥᠭᠡᠯᠡᠨ ᠠᠷᠭ᠎ᠠ ᠮᠠᠶ᠋ᠢᠭ ᠢ ᠥᠷᠭᠡᠨ ᠢᠶᠠᠷ ᠬᠡᠷᠡᠭᠯᠡᠵᠦ ᠂ ︽ ᠲᠣᠷᠭᠠᠬᠤ ᠠᠴᠠ ᠬᠡᠯᠲᠦᠷᠢᠭᠦᠯᠬᠦ ︾ ᠲᠣᠳᠣᠷᠬᠠᠢ ᠬᠠᠭᠤᠳᠠᠰᠤ ᠪᠠ ︽ ᠬᠥᠩᠭᠡᠨ ᠢᠶᠠᠷ ᠲᠣᠷᠭᠠᠬᠤ ︾ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠬᠡᠷᠡᠭᠵᠢᠭᠦᠯᠦᠨ᠎ᠡ ᠃ ︽ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ︾ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠦᠷᠭᠦᠯᠵᠢᠯᠡᠨ ᠴᠢᠩᠭᠠᠳᠬᠠᠨ᠎ᠠ ᠃    ᠲᠠᠪᠤ ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠲᠡᠭᠦᠯᠳᠡᠷᠵᠢᠭᠦᠯᠦᠨ᠎ᠡ    ︵ᠠᠷᠪᠠᠨ ᠳᠥᠷᠪᠡ︶ ᠭᠡᠨᠡᠳᠲᠡ ᠶᠢᠨ ᠬᠡᠷᠡᠭ ᠢ ᠠᠷᠭᠠᠴᠠᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠰᠲ᠋ᠧᠮ ᠢ ᠪᠦᠷᠢᠨᠰᠢᠭᠦᠯᠵᠦ ᠂ ᠭᠡᠨᠡᠳᠲᠡ ᠶᠢᠨ ᠬᠡᠷᠡᠭ ᠢ ᠠᠷᠭᠠᠴᠠᠭᠠᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠦᠷᠦᠯ ᠤᠨ ᠲᠤᠰᠬᠠᠢ ᠲᠥᠰᠥᠯ ᠢ ᠲᠡᠭᠦᠯᠳᠡᠷᠵᠢᠭᠦᠯᠦᠨ᠎ᠡ ᠃ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠂ ᠮᠡᠳᠡᠭᠡ ᠵᠠᠩᠭᠢ ᠶᠢ ᠮᠡᠳᠡᠭᠦᠯᠬᠦ ᠂ ᠪᠠᠴᠢᠮ ᠪᠠᠶᠢᠳᠠᠯ ᠢ  ᠠᠷᠭᠠᠴᠠᠭᠠᠬᠤ ᠳᠤ ᠴᠤᠤᠷᠢᠶᠠᠲᠤᠨ ᠳᠠᠭᠠᠬᠤ ᠂ ᠰᠡᠷᠭᠦᠭᠡᠨ ᠲᠠᠬᠢᠨ ᠪᠠᠶᠢᠭᠤᠯᠬᠤ ᠂ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠵᠤ ᠂ ᠭᠡᠨᠡᠳᠲᠡ ᠶᠢᠨ ᠬᠡᠷᠡᠭ ᠤᠨ ᠪᠠᠶᠢᠳᠠᠯ ᠳᠣᠣᠷ᠎ᠠ ᠲᠠᠲᠠᠪᠤᠷᠢᠯᠠᠬᠤ ᠂ ᠲᠠᠲᠠᠪᠤᠷᠢᠯᠠᠨ ᠬᠡᠷᠡᠭᠯᠡᠬᠦ ᠂ ᠠᠪᠤᠷᠠᠨ ᠲᠤᠰᠠᠯᠠᠬᠤ ᠂ ᠨᠥᠬᠦᠪᠦᠷᠢ ᠥᠭᠬᠦ ᠳᠦᠷᠢᠮ ᠢ ᠲᠡᠭᠦᠯᠳᠡᠷᠵᠢᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠠᠷᠠᠭ᠎ᠠ ᠶᠢ ᠬᠢᠨᠠᠨ ᠬᠠᠮᠢᠶᠠᠷᠬᠤ᠂ ᠦᠢᠯᠡᠳᠪᠦᠷᠢᠯᠡᠬᠦ᠂ ᠨᠥᠭᠡᠴᠡᠯᠡᠬᠦ᠂ ᠰᠢᠯᠵᠢᠭᠦᠯᠦᠨ ᠭᠠᠷᠭᠠᠬᠤ ᠪᠠ ᠪᠠᠴᠢᠮ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠤᠨ᠎ᠠ᠃    ︵ᠠᠷᠪᠠᠨ ᠲᠠᠪᠤ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠰᠢᠢᠳᠪᠦᠷᠢᠯᠡᠬᠦ ᠲᠠᠰ ᠳᠠᠷᠠᠭᠠᠯᠠᠯ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠵᠦ ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠮᠤᠷᠠᠯ ᠤᠨ ᠨᠡᠪᠲᠡᠷᠡᠯᠴᠡᠭᠡ ᠶᠢ ᠴᠢᠩᠭᠠᠳᠬᠠᠨ᠎ᠠ ᠃ ᠭᠡᠨᠡᠳᠲᠡ ᠶᠢᠨ ᠬᠡᠷᠡᠭ ᠢ ᠠᠰᠢᠭᠯᠠᠨ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ ᠪᠠᠴᠢᠮ ᠪᠠᠶᠢᠳᠠᠯ ᠢ ᠠᠷᠭᠠᠴᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ ᠂ ᠤᠬᠠᠭᠤᠯᠭ᠎ᠠ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ ᠃    ︵ᠠᠷᠪᠠᠨ ᠵᠢᠷᠭᠤᠭ᠎ᠠ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠳᠤ ᠲᠦᠰᠢᠭᠯᠡᠨ ᠂ ᠤᠯᠠᠨ ᠨᠡᠶᠢᠲᠡ ᠶᠢᠨ ᠥᠪᠡᠷᠲᠡᠭᠡᠨ ᠰᠡᠷᠭᠡᠶᠢᠯᠡᠵᠦ ᠥᠪᠡᠷᠲᠡᠭᠡᠨ ᠵᠠᠰᠠᠬᠤ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠷᠠᠭᠤᠯᠤᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠂ ᠨᠡᠶᠢᠭᠡᠮ ᠤᠨ ᠠᠵᠢᠯᠲᠠᠨ ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠪᠦᠯᠬᠦᠮ ᠪᠤᠶᠤ ᠬᠤᠪᠢ ᠬᠥᠮᠥᠨ ᠤ ᠬᠠᠤᠯᠢ ᠴᠠᠭᠠᠵᠠ ᠶᠢᠨ ᠪᠠᠶᠢᠷᠢ ᠰᠠᠭᠤᠷᠢ ᠵᠢᠴᠢ ᠡᠷᠬᠡ ᠶᠢ ᠬᠠᠤᠯᠢ ᠶᠣᠰᠣᠭᠠᠷ ᠬᠠᠮᠠᠭᠠᠯᠠᠵᠤ ᠂ ᠤᠷᠮᠠᠰᠢᠭᠤᠯᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠲᠠᠩᠰᠠᠯᠠᠨ ᠲᠡᠮᠳᠡᠭᠯᠡᠬᠦ ᠂ ᠰᠢᠯᠵᠢᠭᠦᠯᠦᠨ ᠬᠡᠷᠡᠭᠯᠡᠬᠦ ᠨᠥᠬᠦᠪᠦᠷᠢ ᠂ ᠳᠠᠭᠠᠳᠬᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ ᠃    ᠵᠢᠷᠭᠤᠭ᠎ᠠ ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠥᠨ᠎ᠡ    ︵ᠠᠷᠪᠠᠨ ᠳᠣᠯᠤᠭ᠎ᠠ︶ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠨ᠎ᠠ ᠃ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠂ ᠣᠷᠴᠢᠨ ᠠᠬᠤᠢ ᠶᠢᠨ ᠪᠣᠬᠢᠷᠲᠤᠯ ᠂ ᠨᠡᠶᠢᠭᠡᠮ ᠤᠨ ᠪᠠᠲᠤᠯᠠᠭ᠎ᠠ ᠂ ᠭᠡᠷ ᠪᠠᠶᠢᠰᠢᠩ ᠭᠠᠵᠠᠷ ᠰᠢᠷᠣᠢ ᠶᠢ ᠲᠠᠲᠠᠪᠤᠷᠢᠯᠠᠬᠤ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠂ ᠬᠥᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠲᠠᠯ᠎ᠠ ᠪᠠᠷ ᠬᠢ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ ᠴᠢᠩᠭᠠᠳᠬᠠᠨ᠎ᠠ ᠃ ︽ ᠭᠤᠷᠪᠠ ᠶᠢ ᠲᠣᠬᠢᠷᠠᠭᠤᠯᠬᠤ ︾᠎ ᠶᠢ ᠬᠤᠯᠪᠣᠯᠳᠤᠭᠤᠯᠬᠤ ᠶᠢ ᠪᠠᠷᠢᠮᠲᠠᠯᠠᠵᠤ ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ ᠂ ᠠᠵᠢᠯ ᠲᠦᠷᠦᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠭᠡ ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠪᠠᠷ ᠵᠣᠯᠭᠠᠭᠤᠯᠬᠤ ᠶᠢ ᠲᠦᠯᠬᠢᠨ ᠠᠬᠢᠭᠤᠯᠤᠨ᠎ᠠ ᠃ ᠵᠠᠷᠭᠤ ᠶᠢᠨ ᠢᠷᠡᠯᠲᠡ ᠶᠢᠨ ᠵᠠᠰᠠᠯᠲᠠ ᠶᠢ ᠴᠢᠩᠭᠠᠳᠬᠠᠵᠤ ᠂ ︽ ᠨᠢᠭᠡ ᠯᠡ ᠥᠷᠲᠡᠭᠡᠨ ᠤ ᠬᠡᠯᠪᠡᠷᠢ ︾᠎ ᠶᠢᠨ ᠶᠡᠷᠦᠩᠬᠡᠶᠢᠯᠡᠭᠰᠡᠨ ᠴᠢᠨᠠᠷᠲᠠᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠃    ︵ᠠᠷᠪᠠᠨ ᠨᠠᠢᠮᠠ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠮᠡᠳᠡᠭᠳᠡᠬᠦ ᠂ ᠬᠡᠷᠡᠭ ᠢ ᠰᠢᠢᠳᠪᠦᠷᠢᠯᠡᠬᠦ ᠂ ᠬᠢᠨᠠᠨ ᠲᠣᠭᠲᠠᠭᠠᠵᠤ ᠥᠭᠬᠦ ᠂ ᠵᠠᠰᠠᠭ ᠵᠠᠬᠢᠷᠭᠠᠨ ᠎ ᠤ ᠬᠠᠮᠵᠢᠯᠴᠠᠭ᠎ᠠ ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠦᠷᠢᠨᠰᠢᠭᠦᠯᠵᠦ ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠶᠠᠪᠤᠴᠠ ᠳᠠᠬᠢ ᠡᠷᠬᠡ ᠶᠢ ᠮᠡᠳᠡᠭᠳᠡᠬᠦ ᠠᠵᠢᠯ ᠢ ᠰᠠᠶᠢᠲᠤᠷ ᠬᠢᠨ᠎ᠡ ᠃ ᠵᠠᠰᠠᠭ ᠵᠠᠬᠢᠷᠭᠠᠨ ᠤ ᠲᠠᠰᠣᠯᠣᠯᠳᠠ ᠶᠢᠨ ᠵᠦᠢᠯᠡᠰ ᠢ ᠡᠮᠬᠢᠯᠡᠨ ᠲᠢᠭᠯᠡᠵᠦ ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠵᠠᠩᠭᠢᠯᠠᠭ᠎ᠠ ᠶᠢ ᠵᠢᠷᠤᠮᠵᠢᠭᠤᠯᠤᠨ ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠵᠢᠯᠣᠭᠤᠳᠤᠯᠭ᠎ᠠ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠵᠢᠷᠤᠮᠵᠢᠭᠰᠠᠨ᠂ ᠬᠠᠤᠯᠢ ᠪᠠᠷ ᠵᠠᠰᠠᠬᠤ ᠬᠢᠷᠢ ᠲᠥᠪᠰᠢᠨ ᠢ ᠳᠡᠭᠡᠭᠰᠢᠯᠡᠭᠦᠯᠥᠨ᠎ᠡ᠃    ︵ᠠᠷᠪᠠ ᠶᠢᠰᠦ︶ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠳᠣᠲᠣᠭᠠᠳᠤ ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠵᠦ᠂ ︽ᠳᠥᠷᠪᠡᠨ ᠥᠷᠥᠭᠡ︾᠎ ᠶᠢ ᠰᠠᠯᠭᠠᠬᠤ ᠵᠡᠷᠭᠡ ᠬᠠᠲᠠᠭᠤ ᠬᠡᠷᠡᠭᠰᠡᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠤᠰᠬᠠᠢ ᠵᠦᠢᠯ ᠤᠨ ᠵᠠᠷᠤᠳᠠᠯ ᠢ ᠬᠠᠤᠯᠢ ᠶᠣᠰᠣᠭᠠᠷ ᠪᠠᠲᠤᠯᠠᠨ᠎ᠠ ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠢᠷᠤᠮᠵᠢᠭᠤᠯᠬᠤ ᠂ ᠲᠤᠰᠬᠠᠶᠢᠵᠢᠭᠤᠯᠬᠤ ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠬᠡᠷᠡᠭ ᠰᠢᠢᠳᠪᠦᠷᠢᠯᠡᠬᠦ ᠶᠠᠪᠤᠴᠠ ᠶᠢ ᠲᠡᠭᠦᠯᠳᠡᠷᠵᠢᠭᠦᠯᠦᠨ᠎ᠡ ᠃    ︵ᠬᠤᠷᠢ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠲᠣᠭᠲᠠᠮᠠᠯ ᠨᠠᠮ ᠵᠠᠰᠠᠭ ᠤᠨ ᠪᠠᠶᠢᠭᠤᠯᠭ᠎ᠠ ᠶᠢᠨ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠰᠢᠪᠠᠳᠠᠵᠤ ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢᠨ ᠪᠣᠳᠠᠲᠠᠢ ᠭᠦᠢᠴᠡᠳᠬᠡᠬᠦ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠠᠵᠢᠯ ᠢ ᠴᠢᠩᠭᠠᠳᠬᠠᠵᠤ ᠂ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠦᠷᠢᠯᠡᠬᠦ ᠶᠢ ᠲᠡᠮᠵᠢᠵᠤ ᠂ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠠᠵᠢᠯ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠬᠦ ᠶᠢ ᠲᠡᠮᠵᠢᠵᠤ ᠂ ᠬᠠᠤᠯᠢ ᠪᠠᠷᠢᠬᠤ ᠰᠠᠨᠠᠭᠤᠯᠭ᠎ᠠ ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ ᠬᠢᠨᠠᠮᠠᠭᠠᠢ ᠰᠠᠶᠢᠲᠤᠷ ᠬᠢᠵᠦ ᠂ ᠰᠢᠢᠳᠪᠦᠷᠢᠯᠡᠵᠦ ᠬᠠᠷᠢᠭᠤ ᠲᠤᠰᠬᠠᠬᠤ ᠨᠤᠷᠮ᠎ᠠ ᠶᠢ ᠳᠡᠭᠡᠭᠰᠢᠯᠡᠭᠦᠯᠥᠨ᠎ᠡ᠃    ᠲᠤᠯᠤᠭ᠎ᠠ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ    ︵ᠬᠤᠷᠢᠨ ᠨᠢᠭᠡ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠂ ᠠᠷᠠᠳᠴᠢᠯᠠᠭᠰᠠᠨ ᠬᠢᠨᠠᠯᠲᠠ ᠂ ᠵᠠᠰᠠᠭ ᠵᠠᠬᠢᠷᠭᠠᠨ ᠤ ᠬᠢᠨᠠᠯᠲᠠ ᠂ ᠬᠢᠨᠠᠨ ᠪᠠᠶᠢᠴᠠᠭᠠᠬᠤ ᠬᠢᠨᠠᠯᠲᠠ ᠂ ᠬᠠᠤᠯᠢ ᠪᠠᠷᠢᠬᠤ ᠬᠢᠨᠠᠯᠲᠠ ᠂ ᠤᠯᠠᠨ ᠲᠦᠮᠡᠨ ᠤ ᠬᠢᠨᠠᠯᠲᠠ ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢᠨ ᠣᠷᠭᠠᠨᠢᠭ ᠢᠶᠠᠷ ᠨᠡᠪᠲᠡᠷᠡᠯᠴᠡᠬᠦ ᠂ ᠬᠠᠷᠢᠯᠴᠠᠨ ᠵᠣᠬᠢᠴᠠᠯᠳᠤᠬᠤ ᠶᠢ ᠲᠦᠯᠬᠢᠨ ᠠᠬᠢᠭᠤᠯᠤᠨ᠎ᠠ ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠪᠤᠳᠤᠬᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ᠂ ᠲᠤᠭ᠎ᠠ ᠪᠦᠷᠢᠳᠬᠡᠯ ᠵᠡᠷᠭᠡ ᠳᠤ ᠲᠤᠰᠬᠠᠢ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠡᠷᠭᠡ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠨ᠎ᠡ ᠃ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ ᠃    ︵ᠬᠤᠷᠢᠨ ᠬᠤᠶᠠᠷ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠤᠨ ᠥᠷᠨᠢᠭᠦᠯᠵᠦ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤᠨ ᠤ ᠪᠠ ᠲᠣᠰ ᠱᠠᠲᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠂ ᠰᠢᠮᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠨ᠎ᠠ᠃    ︵ ᠬᠤᠷᠢᠨ ᠭᠤᠷᠪᠠ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ ᠃ ᠲᠣᠭᠤᠷᠢᠭ ᠂ ᠰᠢᠶᠠᠩ ᠪᠠᠯᠭᠠᠰᠤ ︵ ᠵᠡᠭᠡᠯᠢ ᠭᠤᠳᠤᠮᠵᠢ ︶᠎ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ ︽ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠤᠯᠢ ᠬᠡᠷᠡᠭᠵᠢᠭᠦᠯᠦᠯᠲᠡ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ ᠂ ᠬᠠᠤᠯᠢ ᠬᠡᠷᠡᠭᠵᠢᠭᠦᠯᠦᠯᠲᠡ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠵᠠᠯᠠᠷᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠎ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠵᠢᠯᠤᠭᠤᠳᠬᠤ ᠡᠷᠴᠢᠮ ᠎ ᠢ ᠨᠡᠮᠡᠭᠳᠡᠭᠦᠯᠦᠨ ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠎ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠎ ᠤᠨ ᠪᠣᠯᠪᠠᠰᠤᠷᠠᠭᠤᠯᠤᠯ ᠎ ᠢ ᠴᠢᠩᠭᠠᠳᠬᠠᠨ ᠂ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠬᠦ ᠎ ᠳᠤ ᠬᠢᠨᠠᠯᠲᠠ ᠲᠠᠯᠪᠢᠬᠤ ᠠᠵᠢᠯᠲᠠᠳ ᠎ ᠤᠨ ᠲᠤᠬᠠᠶᠢᠯᠠᠭᠰᠠᠨ ᠠᠵᠢᠯ ᠎ ᠤᠨ ᠬᠡᠪ ᠴᠢᠨᠠᠷ ᠎ ᠢ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠎ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃    ︵ᠬᠤᠷᠢᠨ ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ ᠢᠯᠡ ᠪᠣᠯᠭᠠᠬᠤ ᠶᠢ ᠪᠣᠳᠠᠲᠠᠶᠢᠵᠢᠭᠤᠯᠤᠨ᠎ᠠ ᠃ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠢ ᠵᠣᠬᠢᠰᠲᠠᠢ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ ᠂ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠰᠣᠯᠢᠯᠴᠠᠭ᠎ᠠ ᠦᠢᠯᠡᠳᠦᠯᠴᠡᠯ ᠢ ᠨᠡᠮᠡᠭᠳᠡᠭᠦᠯᠦᠨ᠎ᠡ ᠃    ︵ᠬᠤᠷᠢᠨ ᠲᠠᠪᠤ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠮᠵᠢ ᠶᠢ ᠰᠠᠬᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ ᠂ ᠬᠠᠤᠯᠢ ᠶᠣᠰᠣᠭᠠᠷ ᠭᠠᠷᠭᠠᠭᠰᠠᠨ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠠ ᠬᠠᠤᠯᠢ ᠶᠣᠰᠣᠭᠠᠷ ᠲᠣᠭᠲᠠᠭᠠᠭᠰᠠᠨ ᠡᠯ᠎ᠡ ᠲᠦᠷᠦᠯ ᠤᠨ ᠭᠡᠷ᠎ᠡ ᠂ ᠬᠡᠯᠡᠯᠴᠡᠭᠡᠷ ᠢ ᠨᠠᠷᠢᠨ ᠬᠢᠨᠠᠮᠠᠭᠠᠢ ᠭᠦᠢᠴᠡᠳᠬᠡᠨ᠎ᠡ ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠦᠪᠡᠭᠴᠢ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠥᠷᠢ ᠥᠭᠴᠡᠭᠡ ᠶᠢᠨ ᠪᠡᠯᠡ ᠲᠣᠬᠢᠷᠠᠭᠤᠯᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠬᠦᠷᠢᠶ᠎ᠡ ᠴᠠᠷᠠᠭ᠎ᠠ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠵᠠᠰᠠᠨ᠎ᠠ᠃    ᠨᠠᠢᠮᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠥᠨ᠎ᠡ    ︵ᠬᠤᠷᠢᠨ ᠵᠢᠷᠭᠤᠭ᠎ᠠ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶  ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠯᠪᠤᠭᠠᠯᠠᠨ ᠬᠥᠳᠡᠯᠦᠯᠴᠡᠵᠦ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠤᠷᠢᠭ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠲᠤ ᠪᠥᠬᠦ ᠲᠣᠭᠤᠷᠢᠭ ᠤᠨ ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠪᠦᠬᠦᠨ ᠢ ᠡᠬᠢᠯᠡᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠵᠢᠮᠡᠯ ᠲᠤᠨᠤᠭ ᠲᠡᠶᠢᠰᠢ ᠤᠷᠲᠤᠳᠬᠠᠬᠤ ᠶᠢ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ ᠠᠯᠠᠭᠠᠨ ᠳᠡᠭᠡᠷ᠎ᠡ ᠪᠠᠨ ᠭᠦᠢᠴᠡᠳᠬᠡᠬᠦ︾᠎ ᠶᠢ ᠪᠡᠶᠡᠯᠡᠭᠦᠯᠦᠨ᠎ᠡ᠃    ︵ᠬᠤᠷᠢᠨ ᠳᠣᠯᠤᠭ᠎ᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠭᠥᠷᠳᠡᠬᠦ ᠶᠢ ᠲᠦᠷᠭᠡᠳᠬᠡᠨ ᠥᠨᠳᠥᠷ ᠪᠦᠲᠦᠮᠵᠢᠲᠡᠶ ᠠᠵᠢᠯᠯᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠡᠳ᠋ᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠪᠡᠶ᠎ᠡ ᠶᠢᠨ ᠭᠠᠷᠤᠯ ᠤᠨ ᠭᠡᠷᠡᠴᠢᠯᠡᠯ᠂ ᠡᠯᠧᠺᠲᠷᠣᠨ ᠲᠠᠮᠠᠭ᠎ᠠ᠂ ᠡᠯᠧᠺᠲᠷᠣᠨ ᠭᠡᠷᠡᠴᠢ ᠦᠨᠡᠮᠯᠡᠯ ᠵᠡᠷᠭᠡ ᠶᠢ ᠨᠢᠭᠡᠳᠦᠯᠲᠡᠢ ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠲᠣᠮᠣ ᠳ᠋ᠠᠶᠢᠲ᠋ᠠ ᠶᠢ ᠬᠡᠷᠡᠭᠯᠡᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠲᠤᠰᠠᠯᠠᠨ᠎ᠠ ᠃    ︵ᠬᠤᠷᠢᠨ ᠨᠠᠢᠮᠠ︶ ︽ᠢᠨᠲ᠋ᠧᠷ ᠰᠦᠯᠵᠢᠶ᠎ᠡ +︾᠎ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠪᠴᠠᠩ ᠤᠨ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠵᠦ ᠭᠦᠢᠴᠡᠳᠬᠡᠬᠦ ᠣᠷᠣᠨ ᠤ ᠬᠡᠰᠡᠭ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠪᠥᠬᠦ ᠴᠤᠪᠤᠷᠠᠯ ᠢ ᠬᠡᠯᠬᠢᠶᠡᠨ ᠳᠤ ᠣᠷᠣᠭᠤᠯᠤᠨ ᠦᠨᠡᠮᠯᠡᠯ ᠬᠠᠳᠠᠭᠠᠯᠠᠬᠤ ᠬᠡᠷᠡᠭᠲᠡᠢ᠃ ᠲᠠᠪᠴᠠᠩ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃    ᠶᠢᠰᠦ ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ    ︵ ᠬᠤᠷᠢ ᠶᠢᠰᠦ ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ ᠃  ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠨᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠃ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠬᠡᠷᠡᠭ ᠡᠷᠭᠢᠯᠡᠬᠦ ᠪᠠᠶᠢᠭᠤᠯᠤᠮᠵᠢ ᠨᠢ ᠨᠢᠭᠡᠳᠦᠯᠲᠡᠢ ᠵᠣᠬᠢᠴᠠᠭᠤᠯᠬᠤ ᠪᠠ ᠰᠢᠮᠳᠠᠭᠤᠯᠤᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃    ︵ᠭᠤᠴᠢ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ ᠨᠠᠮ ᠤᠨ ᠬᠤᠷᠢᠶ᠎ᠠ ᠤᠳᠤᠷᠢᠳᠬᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ ᠂ ᠵᠠᠰᠠᠭ ᠤᠨ ᠣᠷᠳᠣᠨ ᠬᠠᠷᠢᠭᠤᠴᠠᠬᠤ ᠂ ᠤᠯᠤᠰ ᠲᠦᠷᠦ ᠶᠢᠨ ᠵᠥᠪᠯᠡᠯᠭᠡᠨ ᠣᠷᠣᠯᠴᠠᠬᠤ ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ ︾ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠴᠢᠩᠭᠠᠳᠬᠠᠨ᠎ᠠ ᠃ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾᠎ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠰᠢᠨ᠎ᠡ ᠶᠢ ᠡᠭᠦᠳᠬᠦ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠨ᠎ᠠ ᠃ ᠬᠠᠤᠯᠢ ᠶᠣᠰᠣᠭᠠᠷ ᠵᠠᠰᠠᠭ ᠶᠠᠪᠤᠭᠤᠯᠤᠭᠰᠠᠨ ᠪᠠᠶᠢᠳᠠᠯ ᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠡᠭᠦᠨ ᠤ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠰᠢᠯᠭᠠᠨ ᠬᠢᠨᠠᠬᠤ ᠡᠷᠬᠡ ᠶᠢᠨ ᠬᠦᠨᠳᠦᠴᠡ ᠶᠢ ᠳᠡᠭᠡᠭᠰᠢᠯᠡᠭᠦᠯᠦᠨ᠎ᠡ᠃    ︵ᠭᠤᠴᠢᠨ ᠨᠢᠭᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠦᠨᠳᠦᠰᠦᠨ ᠬᠠᠤᠯᠢ ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠠᠵᠢᠯᠲᠠᠨ ᠢ ᠵᠣᠬᠢᠶᠠᠨ ᠪᠠᠶᠢᠭᠤᠯᠤᠨ ᠠᠩᠬ᠎ᠠ ᠲᠤᠰᠢᠶᠠᠯ ᠡᠭᠦᠷᠭᠡᠯᠡᠬᠦ ᠂ ᠲᠤᠰᠢᠶᠠᠯ ᠡᠭᠦᠷᠭᠡᠯᠡᠬᠦ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ ᠃ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠶᠢ 2 ᠬᠤᠭᠤᠴᠠᠭ᠎ᠠ ᠠᠴᠠ ᠳᠡᠭᠡᠭᠰᠢ ᠡᠷᠭᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠳᠤ ᠬᠠᠤᠯᠢ ᠪᠠᠷ ᠵᠠᠰᠠᠬᠤ ᠲᠤᠰᠬᠠᠢ ᠰᠡᠳᠦᠪᠲᠦ ᠠᠵᠢᠯ ᠠᠴᠠ ᠰᠠᠯᠬᠤ ᠪᠣᠯᠪᠠᠰᠤᠷᠠᠭᠤᠯᠤᠯ ᠢ ᠠᠳᠠᠭ ᠲᠠᠭᠠᠨ 1 ᠤᠳᠠᠭ᠎ᠠ ᠬᠦᠯᠢᠶᠡᠨ᠎ᠡ᠃ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠬᠠᠤᠯᠢ ᠪᠠᠷᠢᠬᠤ ᠭᠠᠵᠠᠷ ᠤᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠴᠢᠳᠠᠪᠤᠷᠢᠲᠠᠨ ᠢ ᠬᠥᠮᠥᠵᠢᠭᠦᠯᠬᠦ ᠪᠠ ᠨᠥᠭᠡᠴᠡᠯᠡᠬᠦ ᠶᠢ ᠰᠠᠶᠢᠲᠤᠷ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠭᠰᠠᠨ ᠠᠵᠢᠯ ᠮᠡᠷᠭᠡᠵᠢᠬᠦ ᠪᠠᠶᠢᠭᠤᠯᠤᠯᠲᠠ ᠶᠢ ᠴᠢᠩᠭᠠᠳᠬᠠᠨ᠂ ᠬᠥᠮᠥᠨ ᠪᠦᠷᠢ ᠳᠤ 60 ᠬᠢᠴᠢᠶᠡᠯ ᠤᠨ ᠴᠠᠭ ᠠᠴᠠ ᠳᠤᠲᠠᠭᠤ ᠦᠭᠡᠢ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠬᠦᠷᠲᠡᠭᠡᠬᠦ ᠶᠢ ᠦᠨᠡᠨᠬᠦ ᠪᠠᠲᠤᠯᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠲᠠᠰᠤᠯᠤᠯᠲᠠ ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠬᠡᠷᠡᠭ ᠶᠠᠪᠤᠳᠠᠯ ᠳᠤ ᠣᠷᠣᠯᠴᠠᠬᠤ ᠴᠢᠳᠠᠪᠤᠷᠢ ᠶᠢᠨ ᠬᠢᠷᠢ ᠲᠥᠪᠰᠢᠨ ᠢ ᠳᠡᠭᠡᠭᠰᠢᠯᠡᠭᠦᠯᠥᠨ᠎ᠡ᠃    ︵ᠭᠤᠴᠢᠨ ᠬᠤᠶᠠᠷ︶ ᠤᠨᠤᠯ ᠤᠨ ᠰᠤᠳᠤᠯᠤᠯ ᠪᠣᠯᠣᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠨᠤᠯ ᠤᠨ ᠰᠡᠳᠦᠪ ᠤᠨ ᠰᠤᠳᠤᠯᠭᠠᠨ ᠤ ᠴᠢᠬᠤᠯᠠ ᠠᠭᠤᠯᠭ᠎ᠠ ᠪᠣᠯᠭᠠᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠵᠢᠱᠢᠶᠡᠴᠢ ᠶᠢ ᠠᠭᠤᠳᠠᠯᠤᠨ ᠤᠬᠠᠭᠤᠯᠵᠤ ᠂ ᠪᠦᠬᠦ ᠨᠡᠶᠢᠭᠡᠮ ᠢᠶᠠᠷ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠯᠠᠮᠵᠢᠯᠠᠬᠤ ᠂ ᠳᠡᠮᠵᠢᠬᠦ ᠪᠠ ᠲᠡᠭᠦᠨ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ ᠃    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ            2023 ᠣᠨ ᠤ 9 ᠰᠠᠷ᠎ᠠ ᠶᠢᠨ 5᠎ ᠤ ᠡᠳᠦᠷ ᠳᠠᠷᠤᠮᠠᠯᠯᠠᠨ ᠲᠠᠷᠬᠠᠭᠠᠪᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1