ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ | ᠶᠤᠸᠠᠨ ᠪᠤᠤ ᠱᠠᠨ ᠵᠠᠰᠠᠭ ᠠᠯᠪᠠᠨ ᠦᠰᠦᠭ〔2023〕30 ᠳ᠋ᠤᠭᠠᠷ ᠲᠣᠭᠠᠲᠤ | | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ | ︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄ | ︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ ᠤ 9 ᠰᠠᠷ᠎ᠠ ᠶᠢᠨ 5 | ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠬᠥᠲᠥᠯᠪᠦᠷᠢ ︵2021 ︱ 2025 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠬᠡᠷᠡᠭᠵᠢᠭᠦᠯᠬᠦ ᠲᠥᠰᠥᠯ︾ ᠵᠢᠴᠢ ︽ᠤᠯᠠᠭᠠᠨᠬᠠᠳᠠ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾ ︽ᠶᠤᠸᠠᠨ ᠪᠦᠦ ᠱᠠᠨ | ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ | 2021 ︱ 2025 ᠣᠨ︶︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ | ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃ | ᠨᠢᠭᠡ ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ | ᠲᠡᠭᠦᠯᠳᠡᠷᠵᠢᠭᠦᠯᠥᠨ᠎ᠡ | ︵ᠨᠢᠭᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ | ᠬᠠᠮᠵᠢᠯᠴᠠᠭᠤᠯᠵᠤ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠶᠢᠨ ᠰᠢᠰᠲ᠋ᠧᠮ ᠪᠠ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ ᠂ | ᠡᠭᠦᠷᠭᠡ ᠴᠢᠳᠠᠪᠤᠷᠢ ᠂ ᠡᠷᠬᠡ ᠶᠢᠨ ᠬᠢᠵᠠᠭᠠᠷ ᠂ ᠵᠢᠷᠤᠮ ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ | ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ ᠂ ᠵᠠᠰᠠᠭ ᠵᠠᠬᠢᠷᠭᠠᠨ ᠤ | ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ | ᠣᠷᠣᠨ ᠤ ᠡᠷᠬᠡ ᠶᠢ ᠳᠣᠷᠣᠭᠰᠢ ᠪᠠᠭᠤᠯᠭᠠᠬᠤ ᠶᠢᠨ ᠬᠥᠯᠢᠶᠡᠨ ᠠᠪᠴᠤ ᠵᠣᠯᠭᠠᠭᠤᠯᠬᠤ ᠠᠵᠢᠯ ᠢ ᠰᠠᠶᠢᠲᠤᠷ ᠬᠢᠵᠦ᠂ | ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ ᠂ | ᠲᠣᠭᠤᠷᠢᠭ ᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ | ᠲᠣᠬᠢᠷᠠᠭᠤᠯᠤᠨ ᠨᠡᠶᠢᠲᠡᠯᠡᠬᠦ ᠠᠵᠢᠯ ᠢ ᠪᠡᠶᠡᠯᠡᠭᠦᠯᠦᠨ᠎ᠡ ᠃ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠬᠡᠷᠡᠭᠵᠢᠭᠦᠯᠵᠦ ᠂ ︽ | ᠴᠠᠭᠠᠵᠠᠯᠠᠬᠤ ᠦᠭᠡᠢ ᠪᠣᠯ ᠣᠷᠣᠭᠤᠯᠬᠤ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃ | ︵ᠬᠤᠶᠠᠷ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠮᠡᠳᠡᠭᠳᠡᠬᠦ ᠠᠮᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ | ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠡᠰᠡᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ | ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠵᠤ ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ | ᠳᠣᠷᠣᠭᠰᠢᠯᠠᠭᠤᠯᠤᠨ᠎ᠠ ᠃ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ | ᠠᠬᠢᠭᠤᠯᠵᠤ ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠵᠦ ᠂ ᠭᠡᠷᠡᠴᠢᠯᠡᠬᠦ ᠵᠦᠢᠯᠡᠰ ᠤᠨ | ᠲᠣᠳᠣᠷᠬᠠᠢ ᠬᠠᠭᠤᠳᠠᠰᠤ ᠪᠠ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠲᠣᠳᠣᠷᠬᠠᠢ | ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠎ᠠ ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠪᠦᠷᠢᠨᠰᠢᠭᠦᠯᠵᠦ ᠂ ᠪᠦᠬᠦ ᠤᠯᠤᠰ ᠤᠨ ᠨᠢᠭᠡᠳᠦᠯᠲᠡᠢ ᠬᠢᠨᠠᠨ ᠬᠠᠮᠢᠶᠠᠷᠬᠤ | ᠳᠦᠷᠢᠮ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ | ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠦᠢᠯᠡᠴᠢᠯᠡᠭᠡᠨ ᠤ ᠵᠦᠢᠯᠡᠰ ᠢ ᠣᠷᠣᠭᠤᠯᠪᠠᠰᠤ ᠵᠣᠬᠢᠬᠤ ᠵᠦᠢᠯ ᠢ ᠵᠠᠪᠠᠯ ᠣᠷᠣᠭᠤᠯᠬᠤ ᠶᠢ ᠠᠬᠢᠭᠤᠯᠵᠤ᠂ ︽ᠨᠢᠭᠡ | ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠶᠢᠨ ᠲᠠᠰ ᠳᠡᠪᠰᠢᠭᠰᠡᠨ ᠬᠡᠪ ᠢ ᠲᠥᠷᠭᠡᠳᠬᠡᠨ᠎ᠡ᠃ | ︵ᠭᠤᠷᠪᠠ︶ ᠬᠠᠤᠯᠢ ᠪᠠᠷ ᠵᠠᠰᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ᠃ ︽ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠥᠮᠴᠢᠯᠡᠬᠦ ᠡᠷᠬᠡ ᠂ ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ ᠃ ᠬᠠᠤᠯᠢ ᠲᠣᠭᠲᠠᠭᠠᠯ ᠢ ᠵᠥᠷᠢᠴᠡᠭᠰᠡᠨ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠂ ᠪᠠᠶᠢᠴᠠᠭᠠᠬᠤ ᠂ ᠲᠡᠰᠬᠡᠨ ᠲᠠᠲᠠᠪᠤᠷᠢᠯᠠᠬᠤ ᠵᠦᠢᠯᠡᠰ ᠪᠠ ᠠᠳᠠᠯᠢᠳᠬᠠᠨ | ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠢᠯᠭᠠᠷᠠᠭᠤᠯᠤᠨ ᠲᠢᠭᠯᠡᠨ᠎ᠡ ᠃ | ᠳᠣᠲᠤᠨᠤ᠂ ᠴᠢᠭᠡᠴᠢ᠂ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ ᠂ ᠠᠵᠤ | ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠤᠨ ᠦᠢᠯᠡᠳᠦᠯ ᠢ ᠪᠠᠳᠠᠷᠠᠭᠤᠯᠤᠨ ᠂ ᠠᠵᠤ ᠠᠬᠤᠶᠢᠯᠠᠯ ᠪᠠ ᠠᠵᠢᠯ | ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠤᠨ᠎ᠠ ᠃ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠢᠲᠡᠭᠡᠯ | ᠠᠯᠳᠠᠭᠰᠠᠨ ᠠᠵᠢᠯᠯᠠᠭ᠎ᠠ ᠶᠢ ᠵᠠᠰᠠᠵᠤ ᠂ ᠵᠠᠯᠬᠠᠭᠠᠨ ᠰᠢᠳᠬᠡᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠃ | ᠡᠷᠬᠡ ᠲᠡᠭᠰᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ ᠂ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠷᠢᠯᠢᠭ ᠪᠣᠲᠠᠲᠠᠢ ᠨᠠᠶᠢᠳᠠᠪᠤᠷᠢᠵᠢᠭᠤᠯᠤᠨ᠎ᠠ ᠃ ᠰᠢᠨ᠎ᠡ ᠪᠠᠷ ᠪᠠᠶᠢᠭᠤᠯᠬᠤ | ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ | ᠲᠥᠷᠥᠯ ᠵᠦᠢᠯ ᠤᠨ ︽ᠴᠢᠭ᠋ ᠠᠴᠠ ᠴᠢᠭ᠋ ᠲᠤ ᠬᠦᠷᠬᠦ︾ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ | ᠨᠡᠭᠡᠭᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠷᠳᠠᠮ ᠢ ᠭᠦᠢᠴᠡᠳᠬᠡᠬᠦ ᠶᠢ | ᠪᠥᠬᠦ ᠶᠠᠪᠤᠴᠠ ᠪᠠᠷ ᠮᠥᠷᠳᠡᠨ ᠪᠠᠲᠤᠯᠠᠨ᠎ᠠ᠃ ︽ ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ︾ | ᠠᠵᠢᠯᠯᠠᠭ᠎ᠠ ᠶᠢ ᠦᠷᠭᠦᠯᠵᠢᠯᠡᠨ ᠭᠥᠨᠵᠡᠭᠡᠶᠢᠷᠡᠭᠦᠯᠥᠨ᠎ᠡ᠃ | ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠥᠨ᠎ᠡ | ︵ᠳᠥᠷᠪᠡ︶ ᠴᠢᠬᠤᠯᠠ ᠬᠦᠷᠢᠶᠡᠨ ᠳᠠᠬᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠠᠵᠢᠯ ᠢ ᠴᠢᠩᠭᠠᠳᠬᠠᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠲᠣᠭᠲᠠᠭᠠᠬᠤ ᠶᠢᠨ ᠴᠢᠭᠯᠡᠭᠦᠯᠦᠯᠲᠦ ᠴᠢᠨᠠᠷ ᠂ ᠴᠠᠭ ᠬᠤᠭᠤᠴᠠᠭᠠᠲᠤ ᠴᠢᠨᠠᠷ ᠢ ᠲᠤᠪᠤᠶᠢᠯᠭᠠᠬᠤ ᠬᠡᠷᠡᠭᠲᠡᠢ ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠣᠭᠤᠷᠢᠨ ᠳᠤ᠂ ᠴᠢᠨᠠᠷ ᠰᠠᠶᠢᠲᠠᠢ | ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠦᠨᠳᠦᠰᠦᠲᠡᠨ ᠤ ᠠᠵᠢᠯ | ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭᠠᠳᠬᠠᠨ ᠰᠠᠶᠢᠵᠢᠷᠠᠭᠤᠯᠵᠤ᠂ ︽ ᠪᠠᠭ᠎ᠠ ᠲᠥᠷᠭᠡᠨ ᠠᠮᠢᠳᠤᠯᠢᠭ︾ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠠᠵᠢᠯ ᠢ ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ | ᠳᠡᠩᠰᠡᠯᠡᠵᠦ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠠᠤᠯᠢ ᠴᠠᠭᠠᠵᠠ ᠶᠢᠨ ᠵᠥᠪᠯᠡᠭᠴᠢ ᠶᠢᠨ | ᠬᠠᠮᠵᠢᠯᠴᠠᠨ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠶᠢ ᠴᠢᠩᠭᠠᠳᠬᠠᠨ ᠂ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ︵ ᠵᠢᠷᠭᠤᠭ᠎ᠠ ︶ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠳᠤ ᠢᠳᠡᠪᠬᠢᠲᠡᠢ ᠣᠷᠣᠯᠴᠠᠵᠤ | ᠬᠠᠮᠵᠢᠯᠴᠠᠨ᠎ᠠ ᠃ ᠬᠠᠤᠯᠢ ᠲᠣᠭᠲᠠᠭᠠᠬᠤ ᠰᠠᠨᠠᠭᠤᠯᠭ᠎ᠠ ᠶᠢ ᠢᠳᠡᠪᠬᠢᠲᠡᠢ ᠳᠤᠷᠠᠳᠴᠤ ᠂ ᠬᠠᠤᠯᠢ ᠲᠣᠭᠲᠠᠭᠠᠬᠤ | ᠪᠠᠶᠢᠴᠠᠭᠠᠨ ᠰᠤᠳᠤᠯᠤᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠂ ᠬᠠᠤᠯᠢ ᠲᠣᠭᠲᠠᠭᠠᠯᠲᠠ ᠶᠢᠨ ᠦᠨᠡᠯᠡᠨ | ᠵᠢᠱᠢᠯᠲᠡ ᠳᠤ ᠥᠷᠭᠡᠨ ᠢᠶᠠᠷ ᠣᠷᠣᠯᠴᠠᠵᠤ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠢᠨᠠᠮᠠᠭᠠᠢ | ᠥᠷᠨᠢᠭᠦᠯᠪᠡ ᠃ ᠣᠷᠣᠨ ᠨᠤᠲᠤᠭ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢ ᠬᠠᠮᠵᠢᠨ ᠣᠷᠣᠨ ᠨᠤᠲᠤᠭ ᠤᠨ | ᠬᠠᠤᠯᠢ ᠲᠣᠭᠲᠠᠭᠠᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠬᠤ ᠴᠢᠳᠠᠮᠵᠢ ᠪᠠ ᠦᠢᠯᠡᠳᠦᠯ ᠢ ᠦᠨᠡᠨ | ᠬᠦ ᠪᠠᠳᠠᠷᠠᠭᠤᠯᠤᠨ᠎ᠠ ᠃ | ᠭᠤᠷᠪᠠ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠦᠨ᠎ᠡ | ︵ᠳᠣᠯᠤᠭ᠎ᠠ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ | ᠴᠢᠩᠭᠠᠷᠠᠭᠤᠯᠤᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ | ᠰᠢᠢᠳᠪᠦᠷᠢᠲᠦ ᠪᠣᠳᠣᠯᠭ᠎ᠠ ᠲᠣᠭᠲᠠᠭᠠᠵᠤ ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠪᠣᠭᠤᠮᠲᠠ ᠶᠢ | ᠴᠢᠩᠭ᠎ᠠ ᠠᠳᠬᠤᠨ᠎ᠠ ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ | ᠲᠡᠭᠦᠯᠳᠡᠷᠵᠢᠭᠦᠯᠵᠦ ᠂ ᠵᠠᠰᠠᠭ ᠤᠨ ᠣᠷᠳᠣᠨ ᠤ ᠬᠠᠤᠯᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠵᠢᠷᠤᠮᠯᠠᠭᠰᠠᠨ ᠡᠰᠡᠬᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠣᠭᠤᠷᠢᠭ ᠤᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠣᠯ ᠬᠠᠷᠢᠭᠤᠴᠠᠯᠭᠠᠲᠠᠨ ᠳᠤ ᠬᠢᠨᠠᠨ ᠰᠢᠯᠭᠠᠵᠤ | ᠰᠢᠮᠳᠠᠭᠤᠯᠤᠨ ᠪᠠᠶᠢᠴᠠᠭᠠᠬᠤ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠥᠷᠨᠢᠭᠦᠯᠬᠦ ᠶᠢᠨ | ᠴᠢᠬᠤᠯᠠ ᠠᠭᠤᠯᠭ᠎ᠠ ᠪᠣᠯᠭᠠᠨ᠎ᠠ᠃ | ︵ᠨᠠᠢᠮᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠣᠨ ᠤ ᠭᠠᠷᠴᠠᠭ ᠢ ᠢᠯᠡ ᠪᠣᠯᠭᠠᠬᠤ ᠳᠦᠷᠢᠮ ᠢ | ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠡᠮᠳᠡᠭᠯᠡᠬᠦ ᠪᠠ ᠮᠠᠲ᠋ᠧᠷᠢᠶᠠᠯ ᠢ | ᠲᠠᠩᠰᠠ ᠡᠪᠬᠡᠮᠡᠯ ᠳᠤ ᠣᠷᠣᠭᠤᠯᠬᠤ ᠳᠦᠷᠢᠮ ᠢ ᠪᠦᠷᠢᠨᠰᠢᠭᠦᠯᠦᠨ᠎ᠡ᠃ ᠨᠡᠶᠢᠭᠡᠮ ᠤᠨ ᠣᠯᠠᠨ ᠨᠡᠶᠢᠲᠡ ᠶᠢᠨ ᠲᠣᠰ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠲᠥᠯᠦᠪᠵᠢᠭᠦᠯᠭᠡ᠂ ᠴᠢᠬᠤᠯᠠ ᠶᠡᠭᠡ ᠣᠯᠠᠨ ᠨᠡᠶᠢᠲᠡ ᠶᠢᠨ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ᠂ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠳᠤ ᠭᠡᠷᠡᠴᠢᠯᠡᠭᠡ ᠰᠣᠨᠣᠰᠬᠤ ᠬᠤᠷᠠᠯ᠂ ᠰᠠᠨᠠᠯ ᠬᠤᠷᠢᠶᠠᠬᠤ ᠬᠤᠷᠠᠯ ᠵᠡᠷᠭᠡ | ᠬᠡᠯᠪᠡᠷᠢ ᠪᠠᠷ ᠳᠠᠮᠵᠢᠭᠤᠯᠤᠨ ᠣᠯᠠᠨ ᠨᠡᠶᠢᠲᠡ ᠪᠠᠷ ᠢᠶᠠᠨ ᠣᠷᠣᠯᠴᠠᠬᠤ ᠪᠠ ᠲᠤᠰᠬᠠᠢ ᠮᠡᠷᠭᠡᠵᠢᠯᠲᠡᠳ ᠤᠨ ᠨᠤᠲᠠᠯᠠᠯᠲᠠ | ᠬᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ | ︵ᠶᠢᠰᠦ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ ᠪᠠ ᠦᠨᠡᠯᠡᠨ ᠵᠢᠱᠢᠯᠲᠡ ᠶᠢ | ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠲᠠ ᠶᠢᠨ | ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠪᠠ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠬᠢᠨᠠᠯᠲᠠ ᠶᠢ | ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠶᠤᠨᠴᠢᠯᠠᠭᠰᠠᠨ | ᠨᠢᠭᠡ ᠴᠣᠭᠴᠠᠵᠢᠭᠰᠠᠨ ᠲᠠᠪᠴᠠᠩ ᠢ ᠬᠡᠷᠡᠭᠯᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠦᠷᠢᠮ ᠢ | ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ | ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠴᠢᠬᠤᠯᠠ | ᠦᠨᠳᠦᠰᠦᠯᠡᠯ ᠪᠣᠯᠭᠠᠨ᠎ᠠ᠃ | ᠳᠥᠷᠪᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠥᠨ᠎ᠡ | ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ ᠬᠢᠨᠠᠮᠠᠭᠠᠢ ᠲᠤᠭᠤᠰᠢᠯᠠᠭᠤᠯᠤᠨ ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠱᠠᠭᠠᠷᠳᠠᠯᠭ᠎ᠠ ᠶᠣᠰᠣᠭᠠᠷ | ᠰᠢᠶᠠᠩ ᠪᠠᠯᠭᠠᠰᠤ ︵ᠵᠡᠭᠡᠯᠢ ᠭᠤᠳᠤᠮᠵᠢ︶ ᠬᠢᠭᠡᠳ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠵᠦ ᠵᠣᠬᠢᠴᠠᠭᠤᠯᠤᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠥᠨ᠎ᠡ ᠃ | ︵ᠠᠷᠪᠠᠨ ᠨᠢᠭᠡ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠢᠳᠡᠭᠡᠨ ᠤ ᠵᠦᠢᠯ ᠡᠮ ᠤᠨ ᠵᠦᠢᠯ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠪᠠᠶᠢᠭᠠᠯᠢ ᠶᠢᠨ ᠡᠬᠢ ᠪᠠᠶᠠᠯᠢᠭ ᠂ | ᠠᠮᠢ ᠠᠬᠤᠢ ᠶᠢᠨ ᠣᠷᠴᠢᠨ ᠨᠥᠬᠦᠴᠡᠯ ᠂ ᠠᠶᠤᠯᠭᠦᠢ ᠦᠢᠯᠡᠳᠪᠦᠷᠢᠯᠡᠯ ᠂ ᠬᠥᠳᠡᠯᠮᠦᠷᠢ ᠶᠢᠨ ᠪᠠᠲᠤᠯᠠᠭ᠎ᠠ ᠂ ᠨᠡᠶᠢᠭᠡᠮ ᠤᠨ | ᠪᠠᠲᠤᠯᠠᠭ᠎ᠠ ᠂ ᠬᠤᠳᠠ ᠶᠢᠨ ᠬᠠᠮᠢᠶᠠᠷᠤᠯᠲᠠ ᠂ ᠵᠠᠮ ᠲᠡᠭᠡᠭᠡᠪᠦᠷᠢ ᠂ ᠮᠥᠩᠭᠦᠨ ᠭᠦᠢᠯᠭᠡᠭᠡᠨ ᠤ ᠦᠢᠯᠡᠴᠢᠯᠡᠭᠡ ᠂ | ᠬᠥᠮᠦᠵᠢᠯ ᠪᠣᠯᠪᠠᠰᠤᠷᠠᠭᠤᠯᠤᠯ ᠂ ᠬᠡᠭᠡᠷ᠎ᠡ ᠶᠢᠨ ᠠᠮᠢᠳᠠᠨ ᠤ ᠬᠠᠮᠠᠭᠠᠯᠠᠯᠲᠠ ᠵᠡᠷᠭᠡ ᠤᠯᠠᠨ ᠲᠦᠮᠡᠨ ᠤ ᠠᠮᠢ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠯ ᠶᠡᠬᠡᠲᠡᠢ ᠲᠣᠪᠣᠶᠢᠮ᠎ᠠ | ᠠᠰᠠᠭᠤᠳᠠᠯ ᠳᠤ ᠴᠢᠭᠯᠡᠭᠦᠯᠦᠨ ᠂ ᠬᠠᠤᠯᠢ ᠶᠢ ᠵᠥᠷᠢᠴᠡᠵᠦ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ ᠂ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ ᠃ | ︵ᠠᠷᠪᠠᠨ ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ | ᠬᠡᠮ ᠤᠨ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠡᠷᠡᠭ ᠤᠨ ᠡᠪᠬᠡᠮᠡᠯ ᠂ ᠪᠢᠴᠢᠭ ᠬᠠᠷ᠎ᠠ ᠶᠢᠨ ᠬᠡᠪ ᠵᠠᠭᠪᠤᠷ ᠪᠠ ᠦᠨᠳᠦᠰᠦᠨ ᠪᠠᠷᠢᠮᠵᠢᠶ᠎ᠠ ᠶᠢ ᠨᠢᠭᠡᠳᠦᠯᠲᠡᠢ | ᠪᠣᠯᠭᠠᠵᠤ ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯᠲᠠᠨ ᠢ ᠲᠣᠬᠢᠷᠠᠭᠤᠯᠤᠨ ᠂ ᠬᠢᠨᠠᠨ ᠬᠠᠷᠭᠤᠭᠤᠯᠬᠤ | ᠭᠠᠷᠴᠠᠭ ᠤᠨ ᠲᠣᠳᠣᠷᠬᠠᠢ ᠬᠠᠭᠤᠳᠠᠰᠤ ᠶᠢ ᠲᠡᠭᠦᠯᠳᠡᠷᠵᠢᠭᠦᠯᠦᠨ᠎ᠡ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠢᠴᠢᠭ ᠬᠠᠷ᠎ᠠ ᠶᠢ ᠬᠦᠷᠭᠡᠬᠦ ᠳᠦᠷᠢᠮ ᠢ ᠲᠡᠭᠦᠯᠳᠡᠷᠵᠢᠭᠦᠯᠵᠦ᠂ ᠲᠣᠰ ᠰᠢᠰᠲ᠋ᠧᠮ᠂ ᠲᠣᠰ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ ᠨᠡᠶᠢᠲᠡᠯᠡᠨ᠎ᠡ᠃ | ︵ᠠᠷᠪᠠᠨ ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ | ᠬᠡᠷᠡᠭᠲᠡᠢ᠃ ᠢᠳᠬᠠᠨ ᠬᠥᠮᠥᠵᠢᠭᠦᠯᠬᠦ ᠂ ᠢᠳᠬᠠᠨ ᠦᠯᠢᠭᠡᠷ ᠵᠢᠱᠢᠶ᠎ᠡ ᠦᠵᠡᠭᠦᠯᠬᠦ ᠂ ᠰᠡᠷᠡᠮᠵᠢᠯᠡᠭᠦᠯᠦᠨ ᠦᠨᠡᠨᠴᠢ ᠪᠠᠷ | ᠮᠡᠳᠡᠭᠳᠡᠬᠦ ᠂ ᠪᠣᠯᠵᠣᠨ ᠶᠠᠷᠢᠯᠴᠠᠬᠤ ᠶᠢ ᠵᠢᠯᠤᠭᠤᠳᠬᠤ ᠵᠡᠷᠭᠡ ᠬᠠᠤᠯᠢ ᠬᠡᠷᠡᠭᠵᠢᠭᠦᠯᠬᠦ ᠵᠥᠭᠡᠯᠡᠨ ᠠᠷᠭ᠎ᠠ ᠮᠠᠶ᠋ᠢᠭ ᠢ | ᠥᠷᠭᠡᠨ ᠢᠶᠠᠷ ᠬᠡᠷᠡᠭᠯᠡᠵᠦ ᠂ ︽ ᠲᠣᠷᠭᠠᠬᠤ ᠠᠴᠠ ᠬᠡᠯᠲᠦᠷᠢᠭᠦᠯᠬᠦ ︾ ᠲᠣᠳᠣᠷᠬᠠᠢ ᠬᠠᠭᠤᠳᠠᠰᠤ ᠪᠠ ︽ ᠬᠥᠩᠭᠡᠨ ᠢᠶᠠᠷ | ᠲᠣᠷᠭᠠᠬᠤ ︾ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠬᠡᠷᠡᠭᠵᠢᠭᠦᠯᠦᠨ᠎ᠡ ᠃ ︽ ᠬᠡᠨ ᠬᠠᠤᠯᠢ ᠬᠡᠷᠡᠭᠵᠢᠭᠦᠯᠪᠡᠯ ᠬᠡᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ︾ ᠬᠠᠷᠢᠭᠤᠴᠠᠯᠭ᠎ᠠ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠦᠷᠭᠦᠯᠵᠢᠯᠡᠨ | ᠴᠢᠩᠭᠠᠳᠬᠠᠨ᠎ᠠ ᠃ | ᠲᠠᠪᠤ ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠲᠡᠭᠦᠯᠳᠡᠷᠵᠢᠭᠦᠯᠦᠨ᠎ᠡ | ︵ᠠᠷᠪᠠᠨ ᠳᠥᠷᠪᠡ︶ ᠭᠡᠨᠡᠳᠲᠡ ᠶᠢᠨ ᠬᠡᠷᠡᠭ ᠢ ᠠᠷᠭᠠᠴᠠᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠢᠰᠲ᠋ᠧᠮ ᠢ ᠪᠦᠷᠢᠨᠰᠢᠭᠦᠯᠵᠦ ᠂ ᠭᠡᠨᠡᠳᠲᠡ ᠶᠢᠨ ᠬᠡᠷᠡᠭ ᠢ | ᠠᠷᠭᠠᠴᠠᠭᠠᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠡᠨᠡᠳᠲᠡ ᠶᠢᠨ ᠤᠯᠠᠨ | ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠦᠷᠦᠯ ᠤᠨ ᠲᠤᠰᠬᠠᠢ ᠲᠥᠰᠥᠯ ᠢ | ᠲᠡᠭᠦᠯᠳᠡᠷᠵᠢᠭᠦᠯᠦᠨ᠎ᠡ ᠃ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠂ ᠮᠡᠳᠡᠭᠡ | ᠵᠠᠩᠭᠢ ᠶᠢ ᠮᠡᠳᠡᠭᠦᠯᠬᠦ ᠂ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠂ ᠰᠡᠷᠭᠦᠭᠡᠨ ᠲᠠᠬᠢᠨ | ᠪᠠᠶᠢᠭᠤᠯᠬᠤ ᠂ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠵᠤ ᠂ ᠭᠡᠨᠡᠳᠲᠡ ᠶᠢᠨ ᠬᠡᠷᠡᠭ ᠤᠨ ᠪᠠᠶᠢᠳᠠᠯ ᠳᠣᠣᠷ᠎ᠠ | ᠲᠠᠲᠠᠪᠤᠷᠢᠯᠠᠬᠤ ᠂ ᠲᠠᠲᠠᠪᠤᠷᠢᠯᠠᠨ ᠬᠡᠷᠡᠭᠯᠡᠬᠦ ᠂ ᠠᠪᠤᠷᠠᠨ ᠲᠤᠰᠠᠯᠠᠬᠤ ᠂ ᠨᠥᠬᠦᠪᠦᠷᠢ ᠥᠭᠬᠦ ᠳᠦᠷᠢᠮ ᠢ | ᠲᠡᠭᠦᠯᠳᠡᠷᠵᠢᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠠᠷᠠᠭ᠎ᠠ ᠶᠢ ᠬᠢᠨᠠᠨ ᠬᠠᠮᠢᠶᠠᠷᠬᠤ᠂ | ᠦᠢᠯᠡᠳᠪᠦᠷᠢᠯᠡᠬᠦ᠂ ᠨᠥᠭᠡᠴᠡᠯᠡᠬᠦ᠂ ᠰᠢᠯᠵᠢᠭᠦᠯᠦᠨ ᠭᠠᠷᠭᠠᠬᠤ ᠪᠠ ᠪᠠᠴᠢᠮ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ ᠬᠤᠪᠢ ᠬᠥᠮᠥᠨ ᠤ ᠮᠡᠳᠡᠭᠡ | ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠤᠨ᠎ᠠ᠃ | ︵ᠠᠷᠪᠠᠨ ᠲᠠᠪᠤ︶ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠰᠢᠢᠳᠪᠦᠷᠢᠯᠡᠬᠦ ᠲᠠᠰ ᠳᠠᠷᠠᠭᠠᠯᠠᠯ ᠪᠠ ᠵᠣᠬᠢᠴᠠᠭᠤᠯᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ | ᠥᠷᠨᠢᠭᠦᠯᠵᠦ ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠮᠤᠷᠠᠯ ᠤᠨ ᠨᠡᠪᠲᠡᠷᠡᠯᠴᠡᠭᠡ ᠶᠢ | ᠴᠢᠩᠭᠠᠳᠬᠠᠨ᠎ᠠ ᠃ ᠭᠡᠨᠡᠳᠲᠡ ᠶᠢᠨ ᠬᠡᠷᠡᠭ ᠢ ᠠᠰᠢᠭᠯᠠᠨ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ ᠪᠠᠴᠢᠮ ᠪᠠᠶᠢᠳᠠᠯ ᠢ ᠠᠷᠭᠠᠴᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ ᠂ ᠤᠬᠠᠭᠤᠯᠭ᠎ᠠ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ ᠃ | ︵ᠠᠷᠪᠠᠨ ᠵᠢᠷᠭᠤᠭ᠎ᠠ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ | ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ | ᠨᠡᠶᠢᠲᠡ ᠪᠠᠷ ᠢᠶᠠᠨ ᠬᠠᠮᠲᠤᠪᠠᠷ ᠵᠠᠰᠠᠬᠤ ᠳᠤ ᠲᠦᠰᠢᠭᠯᠡᠨ ᠂ ᠤᠯᠠᠨ ᠨᠡᠶᠢᠲᠡ ᠶᠢᠨ ᠥᠪᠡᠷᠲᠡᠭᠡᠨ ᠰᠡᠷᠭᠡᠶᠢᠯᠡᠵᠦ | ᠥᠪᠡᠷᠲᠡᠭᠡᠨ ᠵᠠᠰᠠᠬᠤ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠂ ᠥᠪᠡᠷ ᠢ ᠪᠠᠨ ᠠᠪᠤᠷᠠᠵᠤ | ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠷᠠᠭᠤᠯᠤᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠂ | ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠂ ᠨᠡᠶᠢᠭᠡᠮ ᠤᠨ ᠠᠵᠢᠯᠲᠠᠨ ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ | ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠬᠤ ᠪᠦᠯᠬᠦᠮ ᠪᠤᠶᠤ ᠬᠤᠪᠢ ᠬᠥᠮᠥᠨ ᠤ ᠬᠠᠤᠯᠢ ᠴᠠᠭᠠᠵᠠ ᠶᠢᠨ | ᠪᠠᠶᠢᠷᠢ ᠰᠠᠭᠤᠷᠢ ᠵᠢᠴᠢ ᠡᠷᠬᠡ ᠶᠢ ᠬᠠᠤᠯᠢ ᠶᠣᠰᠣᠭᠠᠷ ᠬᠠᠮᠠᠭᠠᠯᠠᠵᠤ ᠂ ᠤᠷᠮᠠᠰᠢᠭᠤᠯᠤᠨ ᠪᠠᠲᠤᠯᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠲᠠᠩᠰᠠᠯᠠᠨ ᠲᠡᠮᠳᠡᠭᠯᠡᠬᠦ ᠂ | ᠰᠢᠯᠵᠢᠭᠦᠯᠦᠨ ᠬᠡᠷᠡᠭᠯᠡᠬᠦ ᠨᠥᠬᠦᠪᠦᠷᠢ ᠂ ᠳᠠᠭᠠᠳᠬᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠳᠦᠷᠢᠮ ᠢ | ᠲᠡᠭᠦᠯᠳᠡᠷᠵᠢᠭᠦᠯᠦᠨ᠎ᠡ ᠃ | ᠵᠢᠷᠭᠤᠭ᠎ᠠ ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ | ᠡᠶᠡᠳᠡᠭᠦᠯᠦᠨ ᠰᠢᠢᠳᠪᠦᠷᠢᠯᠡᠬᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠥᠨ᠎ᠡ | ︵ᠠᠷᠪᠠᠨ ᠳᠣᠯᠤᠭ᠎ᠠ︶ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠨ᠎ᠠ ᠃ ᠬᠡᠷᠡᠭᠯᠡᠭᠴᠢᠳ ᠤᠨ | ᠡᠷᠬᠡ ᠠᠰᠢᠭ ᠤᠨ ᠬᠠᠮᠠᠭᠠᠯᠠᠯᠲᠠ ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ | ᠬᠠᠮᠢᠶᠠᠷᠤᠯᠲᠠ ᠂ ᠣᠷᠴᠢᠨ ᠠᠬᠤᠢ ᠶᠢᠨ ᠪᠣᠬᠢᠷᠲᠤᠯ ᠂ ᠨᠡᠶᠢᠭᠡᠮ ᠤᠨ ᠪᠠᠲᠤᠯᠠᠭ᠎ᠠ ᠂ ᠭᠡᠷ ᠪᠠᠶᠢᠰᠢᠩ ᠭᠠᠵᠠᠷ ᠰᠢᠷᠣᠢ ᠶᠢ | ᠲᠠᠲᠠᠪᠤᠷᠢᠯᠠᠬᠤ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠂ ᠬᠥᠳᠡᠭᠡ ᠲᠣᠰᠬᠤᠨ ᠤ ᠭᠠᠵᠠᠷ ᠰᠢᠷᠣᠢ ᠶᠢ | ᠳᠠᠭᠠᠭᠠᠴᠢᠯᠠᠨ ᠡᠵᠡᠩᠨᠡᠬᠦ ᠡᠷᠬᠡ ᠵᠡᠷᠭᠡ ᠲᠠᠯ᠎ᠠ ᠪᠠᠷ ᠬᠢ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ | ᠴᠢᠩᠭᠠᠳᠬᠠᠨ᠎ᠠ ᠃ ︽ ᠭᠤᠷᠪᠠ ᠶᠢ ᠲᠣᠬᠢᠷᠠᠭᠤᠯᠬᠤ ︾ ᠶᠢ ᠬᠤᠯᠪᠣᠯᠳᠤᠭᠤᠯᠬᠤ ᠶᠢ ᠪᠠᠷᠢᠮᠲᠠᠯᠠᠵᠤ ᠂ ᠵᠠᠰᠠᠭ ᠵᠠᠬᠢᠷᠭᠠᠨ ᠤ | ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ ᠂ ᠠᠵᠢᠯ ᠲᠦᠷᠦᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ | ᠡᠶᠡᠳᠡᠭᠦᠯᠭᠡ ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠪᠠᠷ ᠵᠣᠯᠭᠠᠭᠤᠯᠬᠤ ᠶᠢ ᠲᠦᠯᠬᠢᠨ ᠠᠬᠢᠭᠤᠯᠤᠨ᠎ᠠ ᠃ | ᠵᠠᠷᠭᠤ ᠶᠢᠨ ᠢᠷᠡᠯᠲᠡ ᠶᠢᠨ ᠵᠠᠰᠠᠯᠲᠠ ᠶᠢ ᠴᠢᠩᠭᠠᠳᠬᠠᠵᠤ ᠂ ︽ ᠨᠢᠭᠡ ᠯᠡ ᠥᠷᠲᠡᠭᠡᠨ ᠤ ᠬᠡᠯᠪᠡᠷᠢ ︾ ᠶᠢᠨ | ᠶᠡᠷᠦᠩᠬᠡᠶᠢᠯᠡᠭᠰᠡᠨ ᠴᠢᠨᠠᠷᠲᠠᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠥᠪ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ ᠃ | ︵ᠠᠷᠪᠠᠨ ᠨᠠᠢᠮᠠ︶ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠮᠡᠳᠡᠭᠳᠡᠬᠦ ᠂ ᠬᠡᠷᠡᠭ ᠢ ᠰᠢᠢᠳᠪᠦᠷᠢᠯᠡᠬᠦ ᠂ ᠬᠢᠨᠠᠨ ᠲᠣᠭᠲᠠᠭᠠᠵᠤ | ᠥᠭᠬᠦ ᠂ ᠵᠠᠰᠠᠭ ᠵᠠᠬᠢᠷᠭᠠᠨ ᠤ ᠬᠠᠮᠵᠢᠯᠴᠠᠭ᠎ᠠ ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠦᠷᠢᠨᠰᠢᠭᠦᠯᠵᠦ ᠂ | ᠵᠠᠰᠠᠭ ᠵᠠᠬᠢᠷᠭᠠᠨ ᠤ ᠲᠠᠰᠤᠯᠤᠯᠲᠠ ᠶᠢᠨ ᠶᠠᠪᠤᠴᠠ ᠳᠠᠬᠢ ᠡᠷᠬᠡ ᠶᠢ ᠮᠡᠳᠡᠭᠳᠡᠬᠦ ᠠᠵᠢᠯ ᠢ ᠰᠠᠶᠢᠲᠤᠷ ᠬᠢᠨ᠎ᠡ ᠃ ᠵᠠᠰᠠᠭ | ᠵᠠᠬᠢᠷᠭᠠᠨ ᠤ ᠲᠠᠰᠣᠯᠣᠯᠳᠠ ᠶᠢᠨ ᠵᠦᠢᠯᠡᠰ ᠢ ᠡᠮᠬᠢᠯᠡᠨ ᠲᠢᠭᠯᠡᠵᠦ ᠂ ᠵᠠᠰᠠᠭ ᠵᠠᠬᠢᠷᠭᠠᠨ ᠤ ᠲᠠᠰᠣᠯᠣᠯᠳᠠ ᠶᠢᠨ | ᠵᠠᠩᠭᠢᠯᠠᠭ᠎ᠠ ᠶᠢ ᠵᠢᠷᠤᠮᠵᠢᠭᠤᠯᠤᠨ ᠂ ᠵᠠᠰᠠᠭ ᠵᠠᠬᠢᠷᠭᠠᠨ ᠤ ᠲᠠᠰᠣᠯᠣᠯᠳᠠ ᠶᠢᠨ ᠵᠢᠯᠣᠭᠤᠳᠤᠯᠭ᠎ᠠ ᠶᠢ ᠴᠢᠩᠭᠠᠳᠬᠠᠵᠤ ᠂ | ᠵᠠᠰᠠᠭ ᠵᠠᠬᠢᠷᠭᠠᠨ ᠤ ᠲᠠᠰᠣᠯᠣᠯᠳᠠ ᠶᠢᠨ ᠵᠢᠷᠤᠮᠵᠢᠭᠰᠠᠨ᠂ ᠬᠠᠤᠯᠢ ᠪᠠᠷ ᠵᠠᠰᠠᠬᠤ ᠬᠢᠷᠢ ᠲᠥᠪᠰᠢᠨ ᠢ | ᠳᠡᠭᠡᠭᠰᠢᠯᠡᠭᠦᠯᠥᠨ᠎ᠡ᠃ | ︵ᠠᠷᠪᠠ ᠶᠢᠰᠦ︶ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ | ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠳᠣᠲᠣᠭᠠᠳᠤ | ᠪᠠᠶᠢᠭᠤᠯᠤᠮᠵᠢ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠭᠦᠢᠴᠡᠳ | ᠲᠣᠬᠢᠷᠠᠭᠤᠯᠤᠨ ᠬᠦᠴᠦᠷᠬᠡᠭᠵᠢᠭᠦᠯᠵᠦ᠂ ︽ᠳᠥᠷᠪᠡᠨ ᠥᠷᠥᠭᠡ︾ ᠶᠢ ᠰᠠᠯᠭᠠᠬᠤ ᠵᠡᠷᠭᠡ ᠬᠠᠲᠠᠭᠤ ᠬᠡᠷᠡᠭᠰᠡᠯ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠤᠰᠬᠠᠢ ᠵᠦᠢᠯ ᠤᠨ | ᠵᠠᠷᠤᠳᠠᠯ ᠢ ᠬᠠᠤᠯᠢ ᠶᠣᠰᠣᠭᠠᠷ ᠪᠠᠲᠤᠯᠠᠨ᠎ᠠ ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠢᠷᠤᠮᠵᠢᠭᠤᠯᠬᠤ ᠂ | ᠲᠤᠰᠬᠠᠶᠢᠵᠢᠭᠤᠯᠬᠤ ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠬᠡᠷᠡᠭ ᠰᠢᠢᠳᠪᠦᠷᠢᠯᠡᠬᠦ | ᠶᠠᠪᠤᠴᠠ ᠶᠢ ᠲᠡᠭᠦᠯᠳᠡᠷᠵᠢᠭᠦᠯᠦᠨ᠎ᠡ ᠃ | ︵ᠬᠤᠷᠢ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠲᠣᠭᠲᠠᠮᠠᠯ | ᠨᠠᠮ ᠵᠠᠰᠠᠭ ᠤᠨ ᠪᠠᠶᠢᠭᠤᠯᠭ᠎ᠠ ᠶᠢᠨ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ | ᠲᠣᠭᠲᠠᠭᠠᠯᠲᠠ ᠶᠢ ᠭᠦᠢᠴᠡᠳᠬᠡᠬᠦ ᠶᠢ ᠰᠢᠪᠠᠳᠠᠵᠤ ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢᠨ | ᠪᠣᠳᠠᠲᠠᠢ ᠭᠦᠢᠴᠡᠳᠬᠡᠬᠦ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠠᠵᠢᠯ ᠢ | ᠴᠢᠩᠭᠠᠳᠬᠠᠵᠤ ᠂ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠰᠢᠭᠦᠨ | ᠰᠢᠢᠳᠪᠦᠷᠢᠯᠡᠬᠦ ᠶᠢ ᠲᠡᠮᠵᠢᠵᠤ ᠂ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ | ᠠᠵᠢᠯ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠬᠦ ᠶᠢ ᠲᠡᠮᠵᠢᠵᠤ ᠂ ᠬᠠᠤᠯᠢ ᠪᠠᠷᠢᠬᠤ | ᠰᠠᠨᠠᠭᠤᠯᠭ᠎ᠠ ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ ᠬᠢᠨᠠᠮᠠᠭᠠᠢ | ᠰᠠᠶᠢᠲᠤᠷ ᠬᠢᠵᠦ ᠂ ᠰᠢᠢᠳᠪᠦᠷᠢᠯᠡᠵᠦ ᠬᠠᠷᠢᠭᠤ ᠲᠤᠰᠬᠠᠬᠤ ᠨᠤᠷᠮ᠎ᠠ ᠶᠢ ᠳᠡᠭᠡᠭᠰᠢᠯᠡᠭᠦᠯᠥᠨ᠎ᠡ᠃ | ᠲᠤᠯᠤᠭ᠎ᠠ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠦᠨ᠎ᠡ | ︵ᠬᠤᠷᠢᠨ ᠨᠢᠭᠡ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠠᠮ ᠤᠨ | ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠂ | ᠠᠷᠠᠳᠴᠢᠯᠠᠭᠰᠠᠨ ᠬᠢᠨᠠᠯᠲᠠ ᠂ ᠵᠠᠰᠠᠭ ᠵᠠᠬᠢᠷᠭᠠᠨ ᠤ ᠬᠢᠨᠠᠯᠲᠠ ᠂ ᠬᠢᠨᠠᠨ ᠪᠠᠶᠢᠴᠠᠭᠠᠬᠤ ᠬᠢᠨᠠᠯᠲᠠ ᠂ ᠬᠠᠤᠯᠢ ᠪᠠᠷᠢᠬᠤ | ᠬᠢᠨᠠᠯᠲᠠ ᠂ ᠤᠯᠠᠨ ᠲᠦᠮᠡᠨ ᠤ ᠬᠢᠨᠠᠯᠲᠠ ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢᠨ | ᠣᠷᠭᠠᠨᠢᠭ ᠢᠶᠠᠷ ᠨᠡᠪᠲᠡᠷᠡᠯᠴᠡᠬᠦ ᠂ ᠬᠠᠷᠢᠯᠴᠠᠨ ᠵᠣᠬᠢᠴᠠᠯᠳᠤᠬᠤ ᠶᠢ ᠲᠦᠯᠬᠢᠨ ᠠᠬᠢᠭᠤᠯᠤᠨ᠎ᠠ ᠃ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠢᠨᠠᠨ ᠪᠤᠳᠤᠬᠤ᠂ ᠡᠳ᠋ ᠤᠨ ᠶᠠᠪᠤᠳᠠᠯ ᠨᠢᠭᠲᠠᠯᠠᠨ ᠪᠤᠳᠤᠬᠤ᠂ ᠲᠤᠭ᠎ᠠ ᠪᠦᠷᠢᠳᠬᠡᠯ ᠵᠡᠷᠭᠡ ᠳᠤ | ᠲᠤᠰᠬᠠᠢ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠡᠷᠭᠡ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠨ᠎ᠡ | ᠃ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠂ | ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ ᠃ | ︵ᠬᠤᠷᠢᠨ ᠬᠤᠶᠠᠷ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ | ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠤᠨ ᠥᠷᠨᠢᠭᠦᠯᠵᠦ᠂ | ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤᠨ ᠤ ᠪᠠ ᠲᠣᠰ | ᠱᠠᠲᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠂ ᠰᠢᠮᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠭᠰᠡᠨ ᠪᠠᠶᠢᠳᠠᠯ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ | ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠨ᠎ᠠ᠃ | ︵ ᠬᠤᠷᠢᠨ ᠭᠤᠷᠪᠠ ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠲᠡᠭᠦᠨ ᠳᠤ | ᠬᠢᠨᠠᠯᠲᠠ ᠲᠠᠯᠪᠢᠬᠤ ᠶᠢ ᠴᠢᠩᠭᠠᠳᠬᠠᠨ᠎ᠠ ᠃ ᠲᠣᠭᠤᠷᠢᠭ ᠂ ᠰᠢᠶᠠᠩ ᠪᠠᠯᠭᠠᠰᠤ ︵ ᠵᠡᠭᠡᠯᠢ ᠭᠤᠳᠤᠮᠵᠢ ︶ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ ︽ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠬᠠᠤᠯᠢ | ᠬᠡᠷᠡᠭᠵᠢᠭᠦᠯᠦᠯᠲᠡ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ ᠂ ᠬᠠᠤᠯᠢ | ᠬᠡᠷᠡᠭᠵᠢᠭᠦᠯᠦᠯᠲᠡ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠵᠠᠯᠠᠷᠠᠭᠤᠯᠤᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠵᠢᠯᠤᠭᠤᠳᠬᠤ | ᠡᠷᠴᠢᠮ ᠢ ᠨᠡᠮᠡᠭᠳᠡᠭᠦᠯᠦᠨ ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ ᠃ | ︵ᠬᠤᠷᠢᠨ ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠢᠯᠡ ᠪᠣᠯᠭᠠᠬᠤ ᠶᠢ | ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠵᠤ᠂ | ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ ᠢᠯᠡ | ᠪᠣᠯᠭᠠᠬᠤ ᠶᠢ ᠪᠣᠳᠠᠲᠠᠶᠢᠵᠢᠭᠤᠯᠤᠨ᠎ᠠ ᠃ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠢ | ᠵᠣᠬᠢᠰᠲᠠᠢ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠵᠤ ᠂ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠰᠣᠯᠢᠯᠴᠠᠭ᠎ᠠ ᠦᠢᠯᠡᠳᠦᠯᠴᠡᠯ ᠢ | ᠨᠡᠮᠡᠭᠳᠡᠭᠦᠯᠦᠨ᠎ᠡ ᠃ | ︵ᠬᠤᠷᠢᠨ ᠲᠠᠪᠤ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠮᠵᠢ ᠶᠢ ᠰᠠᠬᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ | ᠪᠦᠷᠢᠨᠰᠢᠭᠦᠯᠵᠦ ᠂ ᠬᠠᠤᠯᠢ ᠶᠣᠰᠣᠭᠠᠷ ᠭᠠᠷᠭᠠᠭᠰᠠᠨ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠠ ᠬᠠᠤᠯᠢ ᠶᠣᠰᠣᠭᠠᠷ | ᠲᠣᠭᠲᠠᠭᠠᠭᠰᠠᠨ ᠡᠯ᠎ᠡ ᠲᠦᠷᠦᠯ ᠤᠨ ᠭᠡᠷ᠎ᠡ ᠂ ᠬᠡᠯᠡᠯᠴᠡᠭᠡᠷ ᠢ ᠨᠠᠷᠢᠨ ᠬᠢᠨᠠᠮᠠᠭᠠᠢ ᠭᠦᠢᠴᠡᠳᠬᠡᠨ᠎ᠡ ᠃ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠳᠤ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ | ᠰᠦᠪᠡᠭᠴᠢ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠥᠷᠢ | ᠥᠭᠴᠡᠭᠡ ᠶᠢᠨ ᠪᠡᠯᠡ ᠲᠣᠬᠢᠷᠠᠭᠤᠯᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠬᠦᠷᠢᠶ᠎ᠡ ᠴᠠᠷᠠᠭ᠎ᠠ ᠳᠠᠬᠢ | ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠵᠠᠰᠠᠨ᠎ᠠ᠃ | ᠨᠠᠢᠮᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠥᠨ᠎ᠡ | ︵ᠬᠤᠷᠢᠨ ᠵᠢᠷᠭᠤᠭ᠎ᠠ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠲᠡᠶᠢᠰᠢ ᠤᠷᠲᠤᠳᠬᠠᠬᠤ ᠶᠢ ᠲᠦᠷᠭᠡᠳᠬᠡᠨ | ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠯᠪᠤᠭᠠᠯᠠᠨ | ᠬᠥᠳᠡᠯᠦᠯᠴᠡᠵᠦ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠲᠣᠭᠤᠷᠢᠭ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ | ᠭᠠᠵᠠᠷ ᠲᠤ ᠪᠥᠬᠦ ᠲᠣᠭᠤᠷᠢᠭ ᠤᠨ ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ | ᠰᠢᠰᠲ᠋ᠧᠮ ᠢ ᠪᠦᠬᠦᠨ ᠢ ᠡᠬᠢᠯᠡᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ | ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠵᠢᠮᠡᠯ ᠲᠤᠨᠤᠭ ᠲᠡᠶᠢᠰᠢ | ᠤᠷᠲᠤᠳᠬᠠᠬᠤ ᠶᠢ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ ᠠᠯᠠᠭᠠᠨ | ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ | ︵ᠬᠤᠷᠢᠨ ᠳᠣᠯᠤᠭ᠎ᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ | ᠭᠥᠷᠳᠡᠬᠦ ᠶᠢ ᠲᠦᠷᠭᠡᠳᠬᠡᠨ ᠥᠨᠳᠥᠷ ᠪᠦᠲᠦᠮᠵᠢᠲᠡᠶ ᠠᠵᠢᠯᠯᠠᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠡᠳ᠋ᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠪᠡᠶ᠎ᠡ ᠶᠢᠨ | ᠭᠠᠷᠤᠯ ᠤᠨ ᠭᠡᠷᠡᠴᠢᠯᠡᠯ᠂ ᠡᠯᠧᠺᠲᠷᠣᠨ ᠲᠠᠮᠠᠭ᠎ᠠ᠂ ᠡᠯᠧᠺᠲᠷᠣᠨ ᠭᠡᠷᠡᠴᠢ ᠦᠨᠡᠮᠯᠡᠯ ᠵᠡᠷᠭᠡ ᠶᠢ ᠨᠢᠭᠡᠳᠦᠯᠲᠡᠢ | ᠮᠠᠭᠠᠳᠯᠠᠨ ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ | ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠲᠣᠮᠣ ᠳ᠋ᠠᠶᠢᠲ᠋ᠠ ᠶᠢ ᠬᠡᠷᠡᠭᠯᠡᠨ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠳᠤ ᠲᠤᠰᠠᠯᠠᠨ᠎ᠠ ᠃ | ︵ᠬᠤᠷᠢᠨ ᠨᠠᠢᠮᠠ︶ ︽ᠢᠨᠲ᠋ᠧᠷ ᠰᠦᠯᠵᠢᠶ᠎ᠡ +︾ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠪᠴᠠᠩ ᠤᠨ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ | ᠬᠠᠤᠯᠢ ᠬᠡᠷᠡᠭᠵᠢᠭᠦᠯᠵᠦ ᠭᠦᠢᠴᠡᠳᠬᠡᠬᠦ ᠣᠷᠣᠨ ᠤ ᠬᠡᠰᠡᠭ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ | ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠡᠷᠡᠭ ᠤᠨ ᠪᠥᠬᠦ ᠴᠤᠪᠤᠷᠠᠯ ᠢ ᠬᠡᠯᠬᠢᠶᠡᠨ ᠳᠤ ᠣᠷᠣᠭᠤᠯᠤᠨ ᠦᠨᠡᠮᠯᠡᠯ ᠬᠠᠳᠠᠭᠠᠯᠠᠬᠤ ᠬᠡᠷᠡᠭᠲᠡᠢ᠃ | ᠲᠠᠪᠴᠠᠩ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠯᠠᠭ᠎ᠠ ᠶᠢᠨ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃ | ᠶᠢᠰᠦ ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠲᠦᠯᠬᠢᠨ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ | ︵ ᠬᠤᠷᠢ ᠶᠢᠰᠦ ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ | ᠳᠤᠭᠤᠶᠢᠯᠠᠩ ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠳᠤᠷᠢᠳᠬᠤ ᠲᠤᠰᠢᠶᠠᠯ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ | ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ ᠃ | ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠪᠠᠯᠭᠠᠰᠤ ᠰᠢᠶᠠᠩ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ | ᠰᠠᠶᠢᠲᠤᠷ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠨᠢ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠬᠦ ᠬᠡᠷᠡᠭᠲᠡᠢ ᠃ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠬᠡᠷᠡᠭ ᠡᠷᠭᠢᠯᠡᠬᠦ ᠪᠠᠶᠢᠭᠤᠯᠤᠮᠵᠢ ᠨᠢ ᠨᠢᠭᠡᠳᠦᠯᠲᠡᠢ | ᠵᠣᠬᠢᠴᠠᠭᠤᠯᠬᠤ ᠪᠠ ᠰᠢᠮᠳᠠᠭᠤᠯᠤᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ | ︵ᠭᠤᠴᠢ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ︽ ᠨᠠᠮ ᠤᠨ ᠬᠤᠷᠢᠶ᠎ᠠ ᠤᠳᠤᠷᠢᠳᠬᠤ ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠬᠢᠨᠠᠯᠲᠠ ᠲᠠᠯᠪᠢᠬᠤ ᠂ ᠵᠠᠰᠠᠭ ᠤᠨ ᠣᠷᠳᠣᠨ ᠬᠠᠷᠢᠭᠤᠴᠠᠬᠤ ᠂ ᠤᠯᠤᠰ ᠲᠦᠷᠦ ᠶᠢᠨ ᠵᠥᠪᠯᠡᠯᠭᠡᠨ | ᠣᠷᠣᠯᠴᠠᠬᠤ ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ ︾ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠴᠢᠩᠭᠠᠳᠬᠠᠨ᠎ᠠ ᠃ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ | ᠠᠵᠢᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠰᠢᠨ᠎ᠡ ᠶᠢ ᠡᠭᠦᠳᠬᠦ ᠪᠠᠷ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ | ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠨ᠎ᠠ ᠃ | ᠬᠠᠤᠯᠢ ᠶᠣᠰᠣᠭᠠᠷ ᠵᠠᠰᠠᠭ ᠶᠠᠪᠤᠭᠤᠯᠤᠭᠰᠠᠨ ᠪᠠᠶᠢᠳᠠᠯ ᠢ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠪᠣᠯᠣᠨ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠵᠢᠴᠢ ᠲᠡᠭᠦᠨ ᠤ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ | ᠠᠭᠤᠯᠭ᠎ᠠ ᠪᠣᠯᠭᠠᠵᠤ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠰᠢᠯᠭᠠᠨ ᠬᠢᠨᠠᠬᠤ ᠡᠷᠬᠡ ᠶᠢᠨ | ᠬᠦᠨᠳᠦᠴᠡ ᠶᠢ ᠳᠡᠭᠡᠭᠰᠢᠯᠡᠭᠦᠯᠦᠨ᠎ᠡ᠃ | ︵ᠭᠤᠴᠢᠨ ᠨᠢᠭᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠦᠨᠳᠦᠰᠦᠨ ᠬᠠᠤᠯᠢ | ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠨ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠂ ᠵᠠᠰᠠᠭ ᠤᠨ ᠣᠷᠳᠣᠨ ᠤ | ᠠᠵᠢᠯᠲᠠᠨ ᠢ ᠵᠣᠬᠢᠶᠠᠨ ᠪᠠᠶᠢᠭᠤᠯᠤᠨ ᠠᠩᠬ᠎ᠠ ᠲᠤᠰᠢᠶᠠᠯ ᠡᠭᠦᠷᠭᠡᠯᠡᠬᠦ ᠂ ᠲᠤᠰᠢᠶᠠᠯ ᠡᠭᠦᠷᠭᠡᠯᠡᠬᠦ ᠬᠠᠤᠯᠢ ᠪᠠᠷ ᠵᠠᠰᠠᠬᠤ | ᠬᠥᠮᠦᠵᠢᠯ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ ᠃ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠶᠢ | 2 ᠬᠤᠭᠤᠴᠠᠭ᠎ᠠ ᠠᠴᠠ ᠳᠡᠭᠡᠭᠰᠢ ᠡᠷᠭᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ | ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠳᠤ ᠬᠠᠤᠯᠢ ᠪᠠᠷ | ᠵᠠᠰᠠᠬᠤ ᠲᠤᠰᠬᠠᠢ ᠰᠡᠳᠦᠪᠲᠦ ᠠᠵᠢᠯ ᠠᠴᠠ ᠰᠠᠯᠬᠤ ᠪᠣᠯᠪᠠᠰᠤᠷᠠᠭᠤᠯᠤᠯ ᠢ ᠠᠳᠠᠭ ᠲᠠᠭᠠᠨ 1 ᠤᠳᠠᠭ᠎ᠠ ᠬᠦᠯᠢᠶᠡᠨ᠎ᠡ᠃ | ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠦᠨᠳᠦᠰᠦᠨ | ᠱᠠᠲᠤᠨ ᠤ ᠬᠠᠤᠯᠢ ᠪᠠᠷᠢᠬᠤ ᠭᠠᠵᠠᠷ ᠤᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠵᠠᠰᠠᠭ ᠤᠨ ᠣᠷᠳᠣᠨ ᠤ | ᠬᠠᠤᠯᠢ ᠲᠣᠭᠲᠠᠭᠠᠬᠤ ᠴᠢᠳᠠᠪᠤᠷᠢᠲᠠᠨ ᠢ ᠬᠥᠮᠥᠵᠢᠭᠦᠯᠬᠦ ᠪᠠ ᠨᠥᠭᠡᠴᠡᠯᠡᠬᠦ ᠶᠢ ᠰᠠᠶᠢᠲᠤᠷ ᠬᠢᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠭᠰᠠᠨ ᠠᠵᠢᠯ ᠮᠡᠷᠭᠡᠵᠢᠬᠦ ᠪᠠᠶᠢᠭᠤᠯᠤᠯᠲᠠ ᠶᠢ ᠴᠢᠩᠭᠠᠳᠬᠠᠨ᠂ | ᠬᠥᠮᠥᠨ ᠪᠦᠷᠢ ᠳᠤ 60 ᠬᠢᠴᠢᠶᠡᠯ ᠤᠨ ᠴᠠᠭ ᠠᠴᠠ ᠳᠤᠲᠠᠭᠤ ᠦᠭᠡᠢ ᠲᠤᠬᠠᠶᠢᠯᠠᠭᠰᠠᠨ ᠠᠵᠢᠯ ᠤᠨ ᠮᠡᠳᠡᠯᠭᠡ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠬᠦᠷᠲᠡᠭᠡᠬᠦ ᠶᠢ ᠦᠨᠡᠨᠬᠦ ᠪᠠᠲᠤᠯᠠᠨ᠎ᠠ᠃ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠲᠠᠰᠤᠯᠤᠯᠲᠠ ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ | ᠬᠠᠤᠯᠢᠴᠢ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠬᠡᠷᠡᠭ ᠶᠠᠪᠤᠳᠠᠯ ᠳᠤ ᠣᠷᠣᠯᠴᠠᠬᠤ ᠴᠢᠳᠠᠪᠤᠷᠢ ᠶᠢᠨ | ᠬᠢᠷᠢ ᠲᠥᠪᠰᠢᠨ ᠢ ᠳᠡᠭᠡᠭᠰᠢᠯᠡᠭᠦᠯᠥᠨ᠎ᠡ᠃ | ︵ᠭᠤᠴᠢᠨ ᠬᠤᠶᠠᠷ︶ ᠤᠨᠤᠯ ᠤᠨ ᠰᠤᠳᠤᠯᠤᠯ ᠪᠣᠯᠣᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ | ᠬᠡᠷᠡᠭᠲᠡᠢ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠨᠤᠯ ᠤᠨ ᠰᠡᠳᠦᠪ ᠤᠨ | ᠰᠤᠳᠤᠯᠭᠠᠨ ᠤ ᠴᠢᠬᠤᠯᠠ ᠠᠭᠤᠯᠭ᠎ᠠ ᠪᠣᠯᠭᠠᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠵᠢᠱᠢᠶᠡᠴᠢ ᠶᠢ ᠠᠭᠤᠳᠠᠯᠤᠨ ᠤᠬᠠᠭᠤᠯᠵᠤ ᠂ ᠪᠦᠬᠦ | ᠨᠡᠶᠢᠭᠡᠮ ᠢᠶᠠᠷ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠯᠠᠮᠵᠢᠯᠠᠬᠤ ᠂ ᠳᠡᠮᠵᠢᠬᠦ ᠪᠠ | ᠲᠡᠭᠦᠨ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ ᠃ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ | 2023 ᠣᠨ ᠤ 9 ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ | |