ᠵᠠᠩ ᡁᠢ ᠸᠧᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/1/10
    1 ᠰᠠᠷ᠎ᠠ ᠶᠢᠨ 8 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠤᠷᠢᠳ ᠬᠤᠵᠢᠳ ᠦ᠋ ᠵᠢᠶᠠ ᠪᠠᠯᠭᠠᠰᠤ ᠂ ᠫᠢᠩᠵᠤᠸᠠᠩ ᠪᠠᠯᠭᠠᠰᠤ ᠂ ᠰᠢᠶᠣᠣ ᠦ᠋ ᠵᠢᠶᠠ ᠰᠢᠶᠠᠩ᠂ ᠮᠣᠬᠤᠷ ᠭᠤᠤᠯ ᠪᠠᠯᠭᠠᠰᠤᠨ ᠳᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠣᠳᠤᠯᠪᠠ᠃
1_副本.jpg
       ︽ ᠲᠥᠷᠥᠯ ᠵᠦᠢᠯ ᠢ ᠲᠦᠯᠬᠢᠨ ᠠᠬᠢᠭᠤᠯᠬᠤ ᠶᠠᠪᠤᠴᠠ ᠳᠤ ᠶᠠᠮᠠᠷ ᠶᠠᠮᠠᠷ ᠬᠦᠴᠢᠷᠳᠡᠯ ᠪᠠᠶᠢᠬᠤ ᠪᠤᠶ ︖︾ ᠂ ︽ ᠪᠣᠷᠤᠯᠠᠭᠤᠯᠭ᠎ᠠ ᠶᠢᠨ ᠠᠷᠭ᠎ᠠ ᠵᠠᠮ ᠶᠠᠭᠤ ᠶᠠᠭᠤ ᠪᠠᠶᠢᠳᠠᠭ ᠪᠣᠢ ︖ ︾ ᠤᠯᠠᠭᠠᠨᠬᠠᠳᠠ ᠶᠢᠨ ᠵᠢᠶᠠ ᠹᠧᠩ 3000 ᠰᠠᠭᠠᠯᠢ ᠶᠢᠨ ᠥᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠂ ᠫᠢᠩᠵᠤᠸᠠᠩ ᠪᠠᠯᠭᠠᠰᠤᠨ ᠤ ᠰᠢᠨ ᠵᠢᠩ ᠪᠠᠷᠠᠭᠠᠨ ᠤ ᠭᠦᠢᠯᠭᠡᠭᠡ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠨᠡᠪᠴᠢᠭᠦᠯᠬᠦ ᠬᠦᠷᠢᠶᠡᠯᠡᠩ ᠂ ᠎ ᠶᠢᠨ ᠰᠢᠸ ᠱᠠᠨ  ᠰᠣᠳᠣᠨ ᠢᠩᠲᠣᠣᠷ ᠲᠠᠷᠢᠬᠤ ᠳᠤᠯᠠᠭᠠᠨ ᠰᠠᠷᠠᠪᠴᠢ ᠂ ᠰᠢᠶᠣᠣ ᠦ᠋ ᠵᠢᠶᠠ ᠰᠢᠶᠠᠩ ᠤᠨ ᠳ᠋ᠠ ᠶᠢᠩᠽᠢ ᠲᠣᠰᠬᠤᠨ ᠤ ᠲᠠ ᠱᠠᠨ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ ᠂ ᠼᠣᠣ ᠶᠤᠸᠠᠨ ᠰᠢᠩ ᠹᠠ ᠣᠳᠥ ᠥᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠂ ᠯᠢᠥᠢ ᠱᠦᠢ ᠴᠢᠩ ᠱᠠᠨ ᠰᠧᠯᠧᠨ ᠡᠯᠪᠡᠭ ᠲᠠᠬᠢᠶᠠᠨ ᠥᠨᠳᠡᠭᠡ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠂ ᠵᠠᠩ ᡁᠢ ᠸᠧᠢ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠂ ᠦᠢᠯᠡᠳᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠂ ᠠᠵᠢᠯ ᠲᠥᠷᠥᠯ ᠤᠨ ᠬᠥᠭᠵᠢᠯᠲᠡ ᠶᠢᠨ ᠬᠡᠲᠦ ᠶᠢᠨ ᠲᠥᠯᠥᠪ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠶᠠᠮᠠᠷ ᠶᠠᠮᠠᠷ ᠬᠥᠭᠵᠢᠯᠲᠡ ᠶᠢᠨ ᠪᠡᠷᠬᠡ ᠰᠡᠳᠦᠪ ᠪᠠ ᠬᠢᠵᠠᠭᠠᠷᠯᠠᠯ ᠤᠨ ᠪᠣᠭᠤᠮᠢ ᠣᠷᠣᠰᠢᠵᠤ ᠪᠠᠶᠢᠬᠤ ᠶᠢ ᠬᠠᠯᠠᠮᠵᠢᠯᠠᠨ ᠠᠰᠠᠭᠤᠵᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠰᠢᠶᠠᠩ ᠵᠡᠭᠡᠯᠢ ᠭᠤᠲᠤᠮᠵᠢ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠂ ᠣᠶᠤᠨᠴᠢᠯᠠᠭᠰᠠᠨ ᠬᠥᠭᠵᠢᠯᠲᠡ ᠶᠢᠨ ᠬᠠᠨᠳᠤᠰᠢ ᠶᠢ ᠴᠢᠩᠭ᠎ᠠ ᠠᠩᠬᠠᠷᠴᠤ ᠂ ᠲᠤᠰ ᠪᠡᠶ᠎ᠡ ᠶᠢᠨ ᠣᠨᠴᠠᠯᠢᠭ ᠢᠶᠠᠨ ᠲᠤᠪᠤᠶᠢᠯᠭᠠᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠰᠠᠶᠢᠲᠤᠷ ᠠᠳᠬᠤᠵᠤ ᠂ ᠭᠤᠣᠯᠯᠠᠭᠴᠢ ᠠᠵᠤ ᠦᠢᠯᠡᠰ ᠢ ᠰᠢᠯᠢᠳᠡᠭᠵᠢᠭᠦᠯᠬᠦ ᠬᠡᠷᠡᠭᠲᠡᠢ ᠃ ᠪᠣᠷᠤᠯᠠᠭᠤᠯᠭ᠎ᠠ ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ ᠂ ᠰᠡᠳᠬᠢᠴᠡ ᠠᠷᠭ᠎ᠠ ᠶᠢᠨ ᠰᠢᠨ᠎ᠡ ᠶᠢ ᠡᠭᠦᠳᠴᠦ ᠂ ᠰᠦᠯᠵᠢᠶᠡᠨ ᠤ  ᠬᠠᠯᠠᠮᠰᠢᠯ ᠦᠢᠯᠡᠳᠬᠦᠨ ᠂ ᠰᠦᠯᠵᠢᠶᠡᠨ ᠤ ᠬᠠᠯᠠᠮᠰᠢᠯ ᠰᠡᠯᠡᠭᠦᠴᠡᠯ ᠵᠤᠭ᠎ᠠ ᠴᠡᠩᠭᠡᠯ ᠤᠨ ᠰᠣᠶᠣᠯ ᠵᠤᠭᠠᠴᠠᠯ ᠤᠨ ᠲᠠᠯᠠᠪᠤᠷ ᠢ ᠪᠠᠶᠢᠭᠤᠯᠬᠤ ᠬᠡᠷᠡᠭᠲᠡᠢ ᠃ ᠲᠦᠷᠦᠯ ᠵᠦᠢᠯ ᠎ ᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠤᠨᠢᠨ ᠳᠡᠭᠡᠷ᠎ᠡ ᠨᠢ ᠬᠦᠴᠦᠯᠡᠵᠦ ᠂ ᠲᠦᠷᠦᠯ ᠵᠦᠢᠯ ᠢ ᠴᠠᠭ ᠲᠤᠬᠠᠢ ᠳᠤᠨᠢ ᠶᠠᠰᠤ ᠴᠢᠨᠠᠷᠲᠠᠢ ᠪᠠᠷ ᠪᠡᠶᠡᠯᠡᠭᠦᠯᠵᠦ ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ ᠂ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ ᠂ ᠥᠷᠭᠡᠨ ᠤᠯᠠᠨ ᠲᠦᠮᠡᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠦ ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠠᠷᠣᠳᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1