ᠶᠤᠸᠠᠨ ᠪᠤᠤ ᠱᠠᠨ ᠲᠣᠭᠤᠷᠢᠭ ᠤᠨ 2023 ᠣᠨ ᠤ ᠳᠣᠣᠷ᠎ᠠ ᠬᠠᠭᠠᠰ ᠵᠢᠯ ᠤᠨ ᠪᠠᠭᠰᠢ ᠶᠢᠨ ᠬᠢᠷᠢ ᠭᠡᠮ ᠤᠨ ᠦᠨᠡᠮᠯᠡᠯ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2024/1/17
    2023 ᠣᠨ ᠤ ᠳᠣᠤᠷ᠎ᠠ ᠬᠠᠭᠠᠰ ᠵᠢᠯ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠢ ᠡᠷᠡᠮᠡᠯᠵᠡᠯᠡᠨ ᠬᠢᠷᠢ ᠲᠡᠩᠴᠡᠩᠰᠡᠳ᠂ 2024 ᠣᠨ ᠤ 1 ᠰᠠᠷ᠎ᠠ ᠶᠢᠨ 17᠎ ᠤ ᠡᠳᠦᠷ ᠠᠴᠠ 1 ᠰᠠᠷ᠎ᠠ ᠶᠢᠨ 26᠎ ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠡᠭᠡ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠰᠤᠷᠭᠠᠨ ᠬᠥᠮᠦᠵᠢᠯ ᠤᠨ ᠴᠣᠩᠬᠤᠨ ᠳᠤ ᠬᠦᠷᠴᠦ ︽ᠪᠠᠭᠰᠢ ᠶᠢᠨ ᠬᠢᠷᠢ ᠬᠡᠮ ᠤᠨ ᠦᠨᠡᠮᠯᠡᠯ︾ ᠪᠠ ᠬᠤᠪᠢ ᠬᠥᠮᠦᠨ ᠤ ᠲᠠᠩᠰᠠ ᠡᠪᠬᠡᠮᠡᠯ ᠳᠤ ᠬᠠᠳᠠᠭᠠᠯᠠᠭᠰᠠᠨ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠡᠷᠡᠮᠡᠯᠵᠡᠯᠡᠯ ᠤᠨ ᠬᠦᠰᠦᠨᠦᠭᠲᠦ︾᠎ ᠪᠠᠨ ᠠᠪᠤᠭᠠᠷᠠᠢ᠃ ᠲᠤᠰ ᠬᠥᠮᠦᠨ ᠨᠢ ᠢᠷᠡᠵᠦ ᠠᠪᠬᠤ ᠦᠭᠡᠢ ᠪᠣᠯ ᠣᠷᠤᠯᠠᠭᠤᠯᠤᠨ ᠠᠪᠤᠭᠰᠠᠨ ᠴᠤ ᠪᠣᠯᠤᠨ᠎ᠠ᠂ ᠭᠡᠬᠦ ᠳᠤ ᠡᠷᠬᠡᠪᠰᠢ ᠣᠷᠤᠯᠠᠨ ᠠᠪᠬᠤ ᠬᠦᠮᠦᠨ ᠪᠠ ︽ᠪᠠᠭᠰᠢ ᠶᠢᠨ ᠬᠢᠷᠢ ᠬᠡᠮ ᠤᠨ ᠦᠨᠡᠮᠯᠡᠯ︾᠎ ᠢᠶᠠᠨ ᠠᠪᠤᠭᠤᠯᠬᠤ ᠲᠤᠰ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠬᠠᠮᠲᠤ ᠳᠤᠨᠢ ᠬᠠᠩᠭᠠᠪᠠᠯ ᠣᠷᠤᠯᠠᠭᠤᠯᠤᠨ ᠠᠪᠴᠤ ᠪᠣᠯᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠡᠷᠡᠮᠡᠯᠵᠡᠯᠡᠨ ᠬᠢᠷᠢ ᠲᠡᠩᠴᠡᠭᠰᠡᠳ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 307 ᠥᠷᠥᠭᠡᠨ ᠳᠤ ᠬᠦᠷᠴᠦ ᠦᠨᠡᠮᠯᠡᠯ ᠢᠶᠠᠨ ᠠᠪᠤᠭᠠᠷᠠᠢ᠃ ᠰᠠᠶᠢᠲᠤᠷ ᠤᠶᠢᠯᠠᠭᠠᠨ᠂ ᠬᠠᠷᠢᠯᠴᠠᠨ ᠴᠢᠮᠡᠭᠡ ᠳᠠᠮᠵᠢᠭᠤᠯᠵᠤ᠂ ᠴᠠᠭ ᠲᠤᠬᠠᠢ ᠳᠤ ᠨᠢ ᠥᠨᠡᠮᠯᠡᠯ ᠢᠶᠠᠨ ᠠᠪᠬᠤ ᠪᠣᠯᠪᠠ ᠦᠦ᠃                           ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ                        ᠎ ᠤᠨ ᠰᠤᠷᠭᠠᠨ ᠬᠥᠮᠦᠵᠢᠯ ᠤᠨ ᠲᠣᠪᠴᠢᠶ᠎ᠠ                          2024 ᠣᠨ ᠤ 1 ᠰᠠᠷ᠎ᠠ ᠶᠢᠨ 17᠎ ᠤ ᠡᠳᠥᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1