ᠶᠤᠸᠠᠨ ᠪᠤᠤ ᠱᠠᠨ ᠲᠣᠭᠤᠷᠢᠭ ᠤᠨ 2023 ᠣᠨ ᠤ ᠳᠣᠣᠷ᠎ᠠ ᠬᠠᠭᠠᠰ ᠵᠢᠯ ᠤᠨ ᠪᠠᠭᠰᠢ ᠶᠢᠨ ᠬᠢᠷᠢ ᠭᠡᠮ ᠤᠨ ᠦᠨᠡᠮᠯᠡᠯ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2024/1/17
    2023 ᠣᠨ ᠤ ᠳᠣᠤᠷ᠎ᠠ ᠬᠠᠭᠠᠰ ᠵᠢᠯ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠬᠡᠮ ᠢ ᠡᠷᠡᠮᠡᠯᠵᠡᠯᠡᠨ ᠬᠢᠷᠢ ᠲᠡᠩᠴᠡᠩᠰᠡᠳ᠂ 2024 ᠣᠨ ᠤ 1 ᠰᠠᠷ᠎ᠠ ᠶᠢᠨ 17 ᠤ ᠡᠳᠦᠷ ᠠᠴᠠ 1 ᠰᠠᠷ᠎ᠠ ᠶᠢᠨ 26 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠡᠭᠡ ᠲᠢᠩᠬᠢᠮ ᠤᠨ ᠭᠤᠷᠪᠠᠳᠤᠭᠠᠷ ᠳᠠᠪᠬᠤᠷᠯᠢᠭ ᠤᠨ ᠰᠤᠷᠭᠠᠨ ᠬᠥᠮᠦᠵᠢᠯ ᠤᠨ ᠴᠣᠩᠬᠤᠨ ᠳᠤ ᠬᠦᠷᠴᠦ ︽ᠪᠠᠭᠰᠢ ᠶᠢᠨ ᠬᠢᠷᠢ ᠬᠡᠮ ᠤᠨ ᠦᠨᠡᠮᠯᠡᠯ︾ ᠪᠠ ᠬᠤᠪᠢ ᠬᠥᠮᠦᠨ ᠤ ᠲᠠᠩᠰᠠ ᠡᠪᠬᠡᠮᠡᠯ ᠳᠤ ᠬᠠᠳᠠᠭᠠᠯᠠᠭᠰᠠᠨ ︽ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠡᠷᠡᠮᠡᠯᠵᠡᠯᠡᠯ ᠤᠨ ᠬᠦᠰᠦᠨᠦᠭᠲᠦ︾ ᠪᠠᠨ ᠠᠪᠤᠭᠠᠷᠠᠢ᠃ ᠲᠤᠰ ᠬᠥᠮᠦᠨ ᠨᠢ ᠢᠷᠡᠵᠦ ᠠᠪᠬᠤ ᠦᠭᠡᠢ ᠪᠣᠯ ᠣᠷᠤᠯᠠᠭᠤᠯᠤᠨ ᠠᠪᠤᠭᠰᠠᠨ ᠴᠤ ᠪᠣᠯᠤᠨ᠎ᠠ᠂ ᠭᠡᠬᠦ ᠳᠤ ᠡᠷᠬᠡᠪᠰᠢ ᠣᠷᠤᠯᠠᠨ ᠠᠪᠬᠤ ᠬᠦᠮᠦᠨ ᠪᠠ ︽ᠪᠠᠭᠰᠢ ᠶᠢᠨ ᠬᠢᠷᠢ ᠬᠡᠮ ᠤᠨ ᠦᠨᠡᠮᠯᠡᠯ︾ ᠢᠶᠠᠨ ᠠᠪᠤᠭᠤᠯᠬᠤ ᠲᠤᠰ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠬᠠᠮᠲᠤ ᠳᠤᠨᠢ ᠬᠠᠩᠭᠠᠪᠠᠯ ᠣᠷᠤᠯᠠᠭᠤᠯᠤᠨ ᠠᠪᠴᠤ ᠪᠣᠯᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠡᠷᠡᠮᠡᠯᠵᠡᠯᠡᠨ ᠬᠢᠷᠢ ᠲᠡᠩᠴᠡᠭᠰᠡᠳ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 307 ᠥᠷᠥᠭᠡᠨ ᠳᠤ ᠬᠦᠷᠴᠦ ᠦᠨᠡᠮᠯᠡᠯ ᠢᠶᠠᠨ ᠠᠪᠤᠭᠠᠷᠠᠢ᠃ ᠰᠠᠶᠢᠲᠤᠷ ᠤᠶᠢᠯᠠᠭᠠᠨ᠂ ᠬᠠᠷᠢᠯᠴᠠᠨ ᠴᠢᠮᠡᠭᠡ ᠳᠠᠮᠵᠢᠭᠤᠯᠵᠤ᠂ ᠴᠠᠭ ᠲᠤᠬᠠᠢ ᠳᠤ ᠨᠢ ᠥᠨᠡᠮᠯᠡᠯ ᠢᠶᠠᠨ ᠠᠪᠬᠤ ᠪᠣᠯᠪᠠ ᠦᠦ᠃                           ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ                         ᠤᠨ ᠰᠤᠷᠭᠠᠨ ᠬᠥᠮᠦᠵᠢᠯ ᠤᠨ ᠲᠣᠪᠴᠢᠶ᠎ᠠ                          2024 ᠣᠨ ᠤ 1 ᠰᠠᠷ᠎ᠠ ᠶᠢᠨ 17 ᠤ ᠡᠳᠥᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1