ᠶᠤᠸᠠᠨ ᠪᠦᠦ ᠱᠠᠨ ᠲᠣᠭᠤᠷᠢᠭ ︽ᠪᠣᠣᠱᠠᠨ ᠤᠷᠠᠨ ᠳᠠᠷᠬᠠᠨ ᠤ ᠰᠤᠷᠭᠠᠭᠤᠯᠢ︾᠎ ᠶᠢᠨ ᠫᠠᠶᠢᠰᠠ ᠰᠡᠬᠦᠬᠦ ᠶᠣᠰᠣᠯᠠᠯ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/19
    1 ᠰᠠᠷ᠎ᠠ ᠶᠢᠨ 18᠎ ᠤ ᠡᠳᠦᠷ᠂ ᠶᠤᠸᠠᠨ ᠪᠦᠦ ᠱᠠᠨ ᠲᠣᠭᠤᠷᠢᠭ ︽ᠪᠣᠣᠱᠠᠨ ᠤᠷᠠᠨ ᠳᠠᠷᠬᠠᠨ ᠤ ᠰᠤᠷᠭᠠᠭᠤᠯᠢ ︾᠎ ᠶᠢᠨ ᠫᠠᠶᠢᠰᠠ ᠰᠡᠬᠦᠬᠦ ᠶᠣᠰᠣᠯᠠᠯ ᠵᠢᠴᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠶᠠᠪᠤᠭᠤᠯᠪᠠ᠃ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠰᠦᠨ ᠵᠢᠩ ᠬᠤᠸᠠ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠯᠢ ᠸᠧᠨ ᠵᠢᠶᠦ᠋ᠨ ᠶᠣᠰᠣᠯᠠᠯ ᠳᠤ ᠰᠠᠭᠠᠲᠠᠵᠤ ᠂ ᠫᠢᠩᠵᠤᠸᠠᠩ ᠨᠡᠭᠦᠷᠡᠰᠥᠨ ᠤ ᠦᠢᠯᠡᠰ ᠤᠨ ᠪᠥᠯᠥᠭᠯᠡᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠢ᠃
1_副本.jpg
       ᠶᠣᠰᠣᠯᠠᠯ ᠳᠡᠭᠡᠷ᠎ᠡ ᠂ ᠰᠦᠨ ᠵᠢᠩ ᠬᠤᠸᠠ ᠂ ᠵᠢᠶᠣᠣ ᠴᠢᠩ ᠳ᠋ᠦᠩ ᠂ ᠯᠢ ᠸᠧᠨ ᠵᠢᠶᠦ᠋ᠨ ᠪᠣᠯᠤᠨ ᠫᠢᠩᠵᠤᠸᠠᠩ ᠨᠡᠭᠦᠷᠡᠰᠦᠨ ᠤ ᠦᠢᠯᠡᠰ ᠤᠨ ᠪᠥᠯᠥᠭᠯᠡᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠵᠠᠬᠢᠷᠤᠯ ᠬᠠᠮᠲᠤ ᠪᠠᠷ ᠮᠠᠨ ᠤ ᠲᠣᠭᠤᠷᠢᠭ ᠤᠨ ︽ ᠪᠣᠣᠱᠠᠨ  ᠤᠷᠠᠨ ᠳᠠᠷᠬᠠᠨ ᠤ ᠰᠤᠷᠭᠠᠭᠤᠯᠢ ︾ ᠎ ᠶᠢᠨ ᠫᠠᠶᠢᠰᠠ ᠶᠢ ᠰᠡᠬᠦᠪᠡ ᠃
2_副本.jpg
       ᠵᠢᠶᠣᠣ ᠴᠢᠩ ᠳ᠋ᠦᠩ ᠶᠤᠸᠠᠨ ᠪᠦᠦ ᠱᠠᠨ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠵᠤ ᠂ ᠪᠦᠬᠦ ᠲᠣᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠤᠨ ᠠᠩᠭᠢ ᠶᠢ ᠡᠷᠬᠢᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠂ ᠮᠥᠨᠴᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠪᠠᠲᠤᠳᠬᠠᠬᠤ ᠴᠢᠬᠤᠯᠠ ᠠᠷᠭ᠎ᠠ ᠵᠠᠮ ᠪᠣᠯᠣᠨ᠎ᠠ᠃ ᠬᠡᠵᠢᠶᠡᠳᠡ ᠰᠤᠷᠤᠯᠴᠠᠬᠤ ᠵᠠᠮ ᠳᠠᠭᠠᠨ ᠪᠠᠶᠢᠵᠤ ᠂ ᠰᠤᠷᠤᠯᠴᠠᠵᠤ ᠰᠣᠯᠢᠯᠴᠠᠬᠤ ᠪᠠᠷ ᠳᠠᠮᠵᠢᠭᠤᠯᠤᠨ ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠪᠣᠯᠣᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠪᠣᠯᠪᠠᠰᠤᠷᠠᠭᠤᠯᠤᠯ ᠬᠥᠮᠦᠵᠢᠯ᠂ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠨᠠᠶᠢᠳᠠᠪᠤᠷᠢᠵᠢᠭᠤᠯᠬᠤ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠠᠶᠤᠯ ᠦᠭᠡᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠶᠢᠨ ᠶᠠᠰᠤ ᠴᠢᠨᠠᠷ ᠢ ᠪᠠᠲᠤᠯᠠᠵᠤ ᠂ ᠰᠤᠷᠤᠯᠴᠠᠭᠰᠠᠨ ᠪᠣᠳᠤᠭᠳᠠᠭᠰᠠᠨ ᠢᠶᠠᠨ ᠦᠨᠡᠨ ᠬᠦ ᠴᠠᠭᠠᠰᠤᠨ ᠳᠡᠭᠡᠷ᠎ᠡ ᠪᠢᠴᠢᠵᠦ᠂ ᠰᠡᠳᠬᠢᠯ ᠳᠡᠭᠡᠨ ᠴᠡᠭᠡᠵᠢᠯᠡᠵᠦ ᠂ ᠬᠤᠶᠢᠰᠢᠳᠠ ᠠᠵᠢᠯ ᠳᠠᠭᠠᠨ ᠬᠡᠷᠡᠭᠯᠡᠵᠦ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠳᠤᠮᠳᠠ ᠰᠤᠷᠤᠯᠴᠠᠭᠠᠳ ᠰᠡᠳᠬᠢᠭᠳᠡᠯ ᠲᠠᠢ ᠂ ᠰᠤᠷᠤᠯᠴᠠᠭᠠᠳ ᠣᠶᠢᠯᠠᠭᠠᠯᠲᠠ ᠲᠠᠢ᠂  ᠰᠤᠷᠤᠯᠴᠠᠭᠠᠳ ᠣᠯᠣᠯᠲᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1