2023 ᠣᠨ ᠤ ᠪᠥᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/1/23
    2023 ᠣᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠣᠷᠴᠢᠨ ᠲᠣᠭᠤᠷᠢᠨ ᠤ ᠡᠮᠦᠨ᠎ᠡ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠲᠠᠪᠤᠨ ᠶᠡᠭᠡ ᠡᠭᠦᠷᠭᠡ︾᠎ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠯᠪᠠᠷ ᠪᠤᠰᠤ ᠶᠢᠨ ᠠᠮᠵᠢᠯᠲᠠ ᠪᠦᠲᠦᠮᠵᠢ ᠤᠯᠪᠠ᠃    2023 ᠣᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 210.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠵᠡᠶ᠂ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 29.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 107.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 73.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0%᠎ ᠪᠠᠷ ᠨᠡᠮᠡᠭᠳᠡᠪᠡ᠃ GDP᠎ ᠶᠢᠨ ᠨᠡᠮᠡᠭᠳᠡᠭᠰᠡᠨ 5.6 ᠵᠠᠭᠤᠠ ᠤ ᠨᠢᠭᠡᠴᠢ ᠶᠢᠨ ᠳᠣᠲᠤᠷ᠎ᠠ᠂ ᠨᠢᠭᠡᠲᠣᠭᠡᠷ ᠠᠵᠤ ᠠᠬᠤᠢᠢᠯᠠᠯ 0.52 ᠵᠠᠭᠤᠠ ᠤ ᠨᠢᠭᠡᠴᠢ ᠳᠡᠭᠡᠭᠰᠢᠯᠡᠭᠦᠯᠵᠦ᠂ ᠬᠤᠶᠠᠲᠣᠭᠠᠷ ᠠᠵᠤ ᠣᠢᠢᠯᠠᠰ ᠢ ᠳᠣᠷᠤᠭᠰᠢ 3.47 ᠵᠠᠭᠤᠨ ᠤ ᠨᠢᠭᠡᠴᠢ ᠳᠣᠷᠤᠭᠰᠢᠯᠠᠭᠤᠯᠵᠤ᠂ ᠭᠤᠷᠪᠠᠲᠣᠭᠠᠷ ᠠᠵᠤ ᠣᠢᠢᠯᠠᠰ 1.61 ᠵᠠᠭᠤᠠ ᠤ ᠨᠢᠭᠡᠴᠢ ᠳᠡᠭᠡᠭᠰᠢᠯᠡᠭᠦᠯᠵᠦ᠂ ᠭᠤᠷᠪᠠᠨ ᠠᠵᠤ ᠣᠢᠢᠯᠠᠰ ᠤᠨ ᠪᠦᠲᠣᠴᠠ ᠲᠠᠭᠡᠷ᠎ᠠ ᠵᠢᠯ ᠤᠨ 13.8᠄ 52.3᠄ 33.9 ᠪᠠᠶᠢᠬᠰᠠᠨ ᠠᠴᠠ 13.8᠄ 51.2᠄ 35.0 ᠪᠣᠯᠵᠠᠢ᠃    ᠨᠢᠭᠡ᠂ ᠠᠮᠤ ᠪᠤᠳᠠᠭᠠᠨ ᠤ ᠤᠨᠠᠯᠲᠠ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠮᠡᠭᠳᠡᠯ ᠨᠡᠯᠢᠶᠡᠳ ᠲᠦᠷᠭᠡᠨ    ᠪᠦᠬᠦ ᠵᠢᠯ ᠤᠨ ᠠᠮᠤ ᠪᠤᠳᠠᠭᠠᠨ ᠤ ᠶᠡᠷᠦᠩᠬᠡᠢ ᠤᠨᠠᠯᠲᠠ 20 0626 ᠲᠣᠨ ᠪᠠᠶᠢᠵᠤ᠂ ᠳᠡᠭᠡᠷ᠎ᠡ ᠵᠢᠯ ᠤᠨ ᠬᠢ ᠠᠴᠠ 1984 ᠲᠣᠨ ᠪᠠᠭᠠᠰᠴᠤ᠂ 1.0%᠎ ᠪᠠᠷ ᠪᠠᠭᠤᠷᠠᠵᠠᠢ᠃ ᠡᠭᠦᠨ ᠳᠤ ᠡᠷᠳᠡᠨᠢ ᠰᠢᠰᠢ ᠶᠢᠨ ᠤᠨᠠᠯᠲᠠ 182584 ᠲᠣᠨ ᠳᠤ ᠬᠦᠷᠴᠦ᠂ 0.1%᠎ ᠪᠠᠷ ᠨᠡᠮᠡᠭᠳᠡᠪᠡ︔ ᠪᠤᠰᠤᠳ ᠠᠮᠤ ᠪᠤᠳᠠᠭᠠᠨ ᠤ ᠤᠨᠠᠯᠲᠠ 12805 ᠲᠣᠨ ᠳᠤ ᠬᠦᠷᠴᠦ᠂ 9.5%᠎ ᠪᠠᠷ ᠪᠠᠭᠤᠷᠠᠪᠠ︔ ᠰᠢᠷ᠎ᠠ ᠪᠤᠷᠴᠠᠭ ᠤᠨ ᠭᠠᠷᠤᠯᠲᠠ 1295 ᠲᠣᠨ ᠳᠤ ᠬᠦᠷᠴᠦ᠂ 20.6%᠎ ᠪᠠᠷ ᠪᠠᠭᠤᠷᠠᠪᠠ᠃ ᠲᠣᠰᠣᠯᠢᠭ ᠲᠠᠷᠢᠮᠠᠯ ᠤᠨ ᠤᠨᠠᠯᠲᠠ 1 777 ᠲᠣᠨ ᠳᠤ ᠬᠦᠷᠴᠦ᠂ 300.5%᠎ ᠪᠠᠷ ᠨᠡᠮᠡᠭᠳᠡᠪᠡ︔ ᠢᠳᠡᠰᠢᠨ ᠨᠣᠭᠤᠭ᠎ᠠ ᠶᠢᠨ ᠤᠨᠠᠯᠲᠠ 1 7945 ᠲᠣᠨ ᠳᠤ ᠬᠦᠷᠴᠦ᠂ 10.2%᠎ ᠢᠶᠠᠷ ᠪᠠᠭᠤᠷᠠᠪᠠ᠃ ᠪᠦᠬᠦ ᠵᠢᠯ ᠳᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 21826 ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 18.6%᠎ ᠪᠠᠷ ᠨᠡᠮᠡᠭᠳᠡᠪᠡ︔ ᠡᠭᠦᠨ ᠳᠤ ᠭᠠᠭ᠋ᠠᠶ ᠶᠢᠨ ᠮᠢᠬᠠᠨ ᠤ ᠭᠠᠷᠤᠯᠲᠠ 15937 ᠲᠣᠨ ᠳᠤ ᠬᠦᠷᠴᠦ᠂ 5.2%᠎ ᠢᠶᠠᠷ ᠨᠡᠮᠡᠭᠳᠡᠪᠡ︔ ᠦᠬᠡᠷ ᠤᠨ ᠮᠢᠬᠠᠨ ᠤ ᠭᠠᠷᠤᠯᠲᠠ 1994 ᠲᠣᠨ ᠪᠠᠶᠢᠵᠤ᠂ 26.2%᠎ ᠢᠶᠠᠷ ᠨᠡᠮᠡᠭᠳᠡᠪᠡ︔ ᠬᠤᠨᠢᠨ ᠮᠢᠬᠠᠨ ᠤ ᠭᠠᠷᠤᠯᠲᠠ 1282 ᠲᠣᠨ ᠳᠤ ᠬᠦᠷᠴᠦ᠂ 3.9%᠎ ᠪᠠᠷ ᠨᠡᠮᠡᠭᠳᠡᠪᠡ︔ ᠵᠢᠭᠦᠷᠲᠡᠨ ᠤ ᠮᠢᠬᠠᠨ ᠤ ᠭᠠᠷᠤᠯᠲᠠ 2613 ᠲᠣᠨ ᠳᠤ ᠬᠦᠷᠴᠦ᠂ 508%᠎ ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 50955 ᠲᠣᠨ ᠪᠠᠶᠢᠵᠤ᠂ 17.3%᠎ ᠪᠠᠷ ᠨᠡᠮᠡᠭᠳᠡᠪᠡ︔ ᠵᠢᠭᠦᠷᠲᠡᠨ ᠤ ᠥᠨᠳᠡᠭᠡ ᠶᠢᠨ ᠭᠠᠷᠤᠯᠲᠠ 12546 ᠲᠣᠨ ᠳᠤ ᠬᠦᠷᠴᠦ᠂ 15.7%᠎ ᠪᠠᠷ ᠨᠡᠮᠡᠭᠳᠡᠪᠡ᠃ ᠪᠥᠬᠦ ᠵᠢᠯ ᠳᠤ ᠭᠠᠭ᠋ᠠᠶ ᠶᠢᠨ ᠭᠠᠷᠭᠠᠯᠲᠠ 181502 ᠪᠠᠶᠢᠵᠤ᠂ 24.5%᠎ ᠪᠠᠷ ᠨᠡᠮᠡᠭᠳᠡᠪᠡ︔ ᠵᠢᠯ ᠤᠨ ᠡᠴᠦᠰ ᠲᠤ ᠭᠠᠭ᠋ᠠᠶ ᠶᠢᠨ ᠲᠤᠭ᠎ᠠ 136629 ᠲᠣᠯᠣᠭᠠᠶ ᠪᠠᠶᠢᠵᠤ᠂ 2.2%᠎ ᠢᠶᠠᠷ ᠨᠡᠮᠡᠭᠳᠡᠪᠡ ︵ᠮᠠᠯ ᠠᠵᠤ ᠠᠬᠤᠶ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠨᠢ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ︶᠃    ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠪᠠᠭᠤᠷᠠᠬᠤ ᠬᠡᠮᠵᠢᠶ᠎ᠡ ᠪᠠᠭᠠᠰᠴᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠳᠡᠭᠡᠭᠰᠢᠯᠡᠯᠲᠡ ᠲᠠᠢ ᠪᠣᠯᠪᠠ    2023 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠦᠢᠯᠡᠳᠬᠦᠨ ᠤ ᠥᠷᠲᠡᠭ 229.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2%᠎ ᠢᠶᠠᠷ ᠪᠠᠭᠤᠷᠠᠵᠤ ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ᠃    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃ 2023᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 68.45 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.1%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 29.9%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.9 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠬᠤᠶᠠᠷ︶ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠠᠵᠤ ᠠᠬᠤᠶᠢᠯᠠᠯ᠃ 2023 ᠣᠨ ᠳᠤ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 129.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 56.6%᠎ ᠶᠢ ᠡᠵᠡᠯᠡᠵᠦ᠂ ᠳᠣᠷᠣᠭᠰᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 4.1 ᠵᠠᠭᠤᠨ ᠤ ᠨᠢᠭᠡᠴᠢ ᠳᠣᠷᠤᠭᠰᠢᠯᠠᠭᠤᠯᠪᠠ᠃ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ 13.12 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23.2%᠎ ᠢᠶᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 5.7%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.6 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃ 2023 ᠣᠨ ᠳᠤ ᠦᠢᠯᠡᠳᠬᠦᠨ ᠤ ᠥᠷᠲᠡᠭ ᠨᠢ ᠳ᠋ᠦᠩᠰᠢᠭᠤᠷ ᠭᠠᠷᠤᠶ ᠠᠵᠤ ᠦᠢᠯᠡᠳᠪᠦᠷᠢ ᠶᠢᠨ ᠠᠵᠤ ᠠᠬᠤᠶᠢᠯᠠᠯ 18 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 216.79 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.9%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 94.6%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ ᠳᠣᠷᠣᠭᠰᠢ 3.6 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠲᠦᠷᠪᠡ︶ ᠭᠤᠷᠪᠠᠨ ᠶᠡᠭᠡ ᠭᠤᠤᠯ ᠠᠵᠢᠯ ᠲᠥᠷᠥᠯ᠃ 2023 ᠣᠨ ᠳᠤ᠂ ᠡᠨᠧᠷᠭᠢ᠂ ᠢᠳᠡᠭᠡᠨ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 222.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 97.0%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 5.4 ᠵᠠᠭᠤᠨ ᠤ ᠴᠡᠭ ᠳᠠᠶᠢᠴᠢᠯᠠᠪᠠ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠦᠢᠯᠡᠳᠬᠦᠨ ᠤ ᠥᠷᠲᠡᠭ 85.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 37.3%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.04 ᠵᠠᠭᠤᠨ ᠤ ᠨᠢᠭᠡᠴᠢ ᠳᠣᠷᠤᠭᠰᠢᠯᠠᠭᠤᠯᠪᠠ︔ ᠢᠳᠡᠭᠡᠨ ᠡᠳ᠋ᠰᠢᠭᠦᠯᠬᠦ ᠠᠵᠢᠯ ᠲᠥᠷᠥᠯ ᠦᠢᠯᠡᠳᠬᠦᠨ ᠤ ᠥᠷᠲᠡᠭ ᠢ 70.37 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.4%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.7%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.3 ᠵᠠᠭᠤᠨ ᠤ ᠨᠢᠭᠡᠴᠢ ᠳᠣᠷᠤᠭᠰᠢᠯᠠᠭᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠢ 66.44 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 29.0%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.0 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠲᠠᠪᠤ︶ ᠰᠥᠬᠡᠷᠬᠦ ᠨᠡᠮᠡᠭᠳᠡᠯ ᠲᠠᠢ ᠠᠵᠤ ᠠᠬᠤᠶᠢᠯᠠᠯ᠃ 12 ᠰᠠᠷ᠎ᠠ ᠶᠢᠨ ᠰᠡᠭᠦᠯᠴᠢ ᠪᠣᠯᠲᠠᠯ᠎ᠠ᠂ 53 ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠳᠣᠲᠣᠷ᠎ᠠ᠂ 24 ᠠᠵᠤ ᠠᠬᠤᠶᠢᠯᠠᠯ ᠤᠨ ᠥᠢᠯᠡᠳᠬᠦᠨ ᠤ ᠥᠷᠲᠡᠭ ᠤᠨ ᠰᠦᠭᠡᠷᠬᠦ ᠨᠡᠮᠡᠭᠳᠡᠯ ᠢ ᠪᠡᠶᠡᠯᠡᠭᠦᠯᠵᠦ᠂ 24 ᠠᠵᠤ ᠠᠬᠤᠶᠢᠯᠠᠯ ᠤᠨ ᠥᠢᠯᠡᠳᠬᠦᠨ ᠤ ᠥᠷᠲᠡᠭ ᠢ 175.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.6%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ 76.5%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠦᠶ᠋ᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 7.7 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠵᠢᠷᠭᠤᠭ᠎ᠠ︶ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠃ 12 ᠰᠠᠷ᠎ᠠ ᠶᠢᠨ ᠰᠡᠭᠦᠯᠴᠢ ᠪᠣᠯᠲᠠᠯ᠎ᠠ᠂ ᠦᠢᠯᠡᠳᠬᠦᠨ ᠤ ᠥᠷᠲᠡᠭ ᠤᠨ ᠰᠥᠭᠡᠷᠭᠦ ᠨᠡᠮᠡᠭᠳᠡᠯ ᠤᠨ 25 ᠠᠵᠤ ᠠᠬᠤᠶᠢᠯᠠᠯ ᠠᠴᠠ ᠭᠠᠳᠠᠨ᠎ᠠ ᠪᠠᠰᠠ ᠦᠢᠯᠡᠳᠪᠦᠷᠢᠯᠡᠯ ᠵᠣᠭᠰᠣᠭᠰᠠᠨ 10 ᠠᠵᠤ ᠠᠬᠤᠶᠢᠯᠠᠯ ᠪᠠᠶᠢᠵᠤ᠂ ᠦᠢᠯᠡᠳᠪᠦᠷᠢᠯᠡᠯ ᠵᠣᠭᠰᠣᠭᠰᠠᠨ 10 ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.81 ᠳ᠋ᠦᠩᠰᠢᠭᠤᠷ ᠲᠥᠭᠦᠷᠢᠭ ᠪᠠᠭᠠᠰᠴᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.6 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠳᠤᠯᠤᠭ᠎ᠠ︶ ᠭᠤᠤᠯ ᠪᠤᠯᠬᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠤ ᠭᠠᠷᠤᠯᠲᠠ᠃ 2023 ᠣᠨ ᠳᠤ ᠨᠡᠭᠦᠷᠡᠰᠦᠨ ᠤ ᠭᠠᠷᠤᠯᠲᠠ 1458.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠪᠠᠭᠤᠷᠠᠪᠠ᠂ ᠡᠭᠦᠨ ᠳᠤ᠄ ᠫᠢᠩ ᠮᠧᠶ ᠪᠦᠯᠦᠭᠯᠡᠯ ᠤᠨ ᠲᠦᠭᠦᠬᠡᠶ ᠨᠡᠭᠦᠷᠡᠰᠦᠨ ᠤ ᠭᠠᠷᠤᠯᠲᠠ 1399.4 ᠲᠦᠮᠡᠨ ᠲᠣᠨ ᠳᠤ ᠬᠦᠷᠴᠦ᠂ 3.5%᠎ ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 121.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2%᠎ ᠢᠶᠠᠷ ᠨᠡᠮᠡᠭᠳᠡᠪᠡ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 84.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠪᠡ︔ ᠬᠡᠦᠷᠡᠰᠦ ᠶᠢᠨ ᠭᠠᠷᠤᠯᠲᠠ 61.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0%᠎ ᠪᠠᠷ ᠨᠡᠮᠡᠭᠳᠡᠪᠡ︔ ᠰᠢᠩᠭᠡᠨ ᠪᠡᠶᠡᠲᠦ ᠰᠦ ᠶᠢᠨ ᠭᠠᠷᠤᠯᠲᠠ 12.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0%᠎ ᠢᠶᠠᠷ ᠪᠠᠭᠤᠷᠠᠪᠠ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 42.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5%᠎ ᠪᠠᠷ ᠨᠡᠮᠡᠭᠳᠡᠪᠡ᠃    ︵ᠨᠠᠢᠮᠠ︶ ᠠᠵᠤ ᠠᠬᠤᠶᠢᠯᠠᠯ ᠤᠨ ᠦᠷ᠎ᠡ ᠠᠰᠢᠭ᠃ 2023 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 242.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3%᠎ ᠪᠠᠷ ᠪᠠᠭᠤᠷᠠᠪᠠ︔ ᠠᠰᠢᠭ ᠬᠤᠨᠵᠢᠪᠣᠷᠢ ᠨᠢ 17.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4 ᠳ᠋ᠦᠩᠰᠢᠭᠤᠷ ᠲᠥᠭᠦᠷᠢᠭ ᠨᠡᠮᠡᠭᠳᠡᠪᠡ᠃    ︵ᠶᠢᠰᠦ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ 2023 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠨᠢ 170.5 ᠲᠦᠮᠡᠨ ᠲᠣᠨ ᠪᠠᠷᠢᠮᠵᠢᠶᠠᠲᠤ ᠨᠡᠭᠦᠷᠡᠰᠦ ︵ᠲᠡᠩᠴᠡᠭᠦᠦ ᠦᠷᠳᠡᠭ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.3 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4%᠎ ᠪᠠᠷ ᠨᠡᠮᠡᠭᠳᠡᠪᠡ᠃    ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ    2023 ᠣᠨ ᠳᠤ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ 184 ᠲᠥᠷᠥᠯ ᠵᠦᠢᠯ ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 4 ᠪᠠᠭᠲᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠲᠥᠷᠥᠯ ᠵᠦᠢᠯ 161 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 4 ᠪᠠᠭᠲᠠᠨ᠎ᠠ︶᠂ 81.32 ᠳ᠋ᠦᠩᠰᠢᠭᠤᠷ ᠲᠥᠭᠦᠷᠢᠭ ︵ᠥᠪᠥᠷ ᠮᠣᠩᠭᠤᠯ ᠤᠨ ᠮᠢᠩ ᠶᠤᠸᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠷᠠᠴᠢᠨ ᠬᠤᠰᠢᠭᠤᠨ ᠳᠤ ᠬᠤᠪᠢᠶᠠᠵᠤ ᠥᠭᠭᠦᠭᠰᠡᠨ 25619 ᠲᠦᠮᠡᠨ ᠲᠥᠭᠦᠷᠢᠭ ᠢ ᠬᠠᠰᠤᠪᠠ︶᠂ ᠠᠳᠠᠯᠢ ᠬᠤᠭᠤᠴᠠᠭᠠᠨ ᠤ ᠬᠢ ᠠᠴᠠ 26.72%᠎ ᠢᠶᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 105 ᠪᠠᠶᠢᠵᠤ᠂ 73.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ︵ᠳᠡᠭᠡᠷᠡᠬᠢ ᠲᠠᠢ ᠠᠳᠠᠯᠢ᠂ 25619 ᠲᠦᠮᠡᠨ ᠲᠥᠭᠦᠷᠢᠭ ᠢ ᠬᠠᠰᠤᠨ᠎ᠠ︶ ᠂ 25.97%᠎ ᠪᠠᠷ ᠨᠡᠮᠡᠭᠳᠡᠪᠡ︔ 5000 ᠲᠦᠮᠡᠨ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 75 ᠪᠠᠶᠢᠵᠤ᠂ 5.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2.26%᠎ ᠪᠠᠷ ᠪᠠᠭᠤᠷᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 4 ᠪᠠᠶᠢᠵᠤ᠂ 2.50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 4.95 ᠳᠠᠬᠢᠨ ᠨᠡᠮᠡᠭᠳᠡᠪᠡ᠃    ᠠᠵᠤ ᠦᠢᠯᠡᠰ ᠢᠶᠠᠷ ᠬᠤᠪᠢᠶᠠᠵᠤ ᠥᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 2.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ 80.57%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 3.65%᠎ ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 59.41 ᠳ᠋ᠦᠩᠰᠢᠭᠤᠷ ᠲᠥᠭᠦᠷᠢᠭ ᠪᠡᠶᠡᠯᠡᠭᠦᠯᠵᠦ᠂ 37.68%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 73.06%᠎ ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 18.94 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.27%᠎ ᠪᠠᠷ ᠪᠠᠭᠤᠷᠠᠵᠤ᠂ ᠶᠡᠷᠦᠩᠬᠡᠶ ᠬᠡᠮᠵᠢᠶᠡᠨ ᠤ 23.29%᠎ ᠶᠢ ᠡᠵᠡᠯᠡᠪᠡ᠃    ᠭᠠᠵᠠᠷ ᠣᠷᠤᠨ ᠢᠶᠠᠷ ᠬᠤᠪᠢᠶᠠᠵᠤ ᠥᠵᠡᠪᠡᠯ᠂ ᠠᠵᠤ ᠦᠢᠯᠡᠰ ᠤᠨ ᠬᠦᠷᠢᠶᠡᠯᠡᠩ ᠤᠨ ᠪᠡᠯᠡ ᠣᠷᠤᠭᠤᠯᠤᠯᠲᠠ ᠨᠢ 22.27 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 27.39%᠎ ᠶᠢ ᠡᠵᠡᠯᠡᠨ᠂ ᠳ᠋ᠥᠩ ᠱᠠᠨ ᠠᠵᠤ ᠦᠢᠯᠡᠰ ᠤᠨ ᠬᠦᠷᠢᠶᠡᠯᠡᠩ ᠤᠨ ᠪᠡᠯᠡ ᠣᠷᠤᠭᠤᠯᠤᠯᠲᠠ ᠶᠢᠨ ᠲᠥᠷᠦᠯ ᠵᠦᠢᠯ ᠳᠤ 24.17 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 29.72%᠎ ᠢ ᠡᠵᠡᠯᠡᠨ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠤᠨ ᠪᠡᠯᠡ ᠣᠷᠤᠭᠤᠯᠤᠯᠲᠠ ᠶᠢᠨ ᠲᠥᠷᠦᠯ ᠵᠦᠢᠯ ᠳᠤ 3.95 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 4.86%᠎ ᠶᠢ ᠡᠵᠡᠯᠡᠨ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠪᠡᠯᠡ ᠣᠷᠤᠭᠤᠯᠤᠯᠲᠠ ᠶᠢᠨ ᠲᠥᠷᠦᠯ ᠵᠦᠢᠯ ᠳᠤ 9.59 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ ᠪᠦᠬᠦ ᠪᠡᠯᠡ ᠣᠷᠣᠭᠤᠯᠤᠯᠲᠠ ᠶᠢᠨ 11.79%᠎ ᠶᠢ ᠡᠵᠡᠯᠡᠵᠦ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 6.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 7.60%᠎ ᠶᠢ ᠡᠵᠡᠯᠡᠵᠦ᠂ ᠰᠢᠶᠠᠩ ᠪᠠᠯᠭᠠᠰᠤ ᠵᠡᠭᠡᠯᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 15.16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 18.64%᠎ ᠶᠢ ᠡᠵᠡᠯᠡᠪᠡ᠃    ᠪᠡᠯᠡ ᠣᠷᠤᠬᠤᠯᠤᠯᠲᠠ ᠶᠢᠨ ᠬᠡᠪᠴᠢᠶ᠎ᠡ ᠪᠠᠷ ᠦᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 7 ᠪᠠᠶᠢᠵᠤ᠂ 36.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 45.14%᠎ ᠶᠢ ᠡᠵᠡᠯᠡᠨ᠎ᠡ︔ 5 - 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 8 ᠪᠠᠶᠢᠵᠤ᠂ 6.52 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 8.02 %᠎ ᠶᠢ ᠡᠵᠡᠯᠡᠵᠦ᠂ 24.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 29.86%᠎ ᠶᠢ ᠪᠡᠶᠡᠯᠡᠭᠦᠯᠪᠡ︔ 0.5 - 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 43 ᠪᠠᠶᠢᠵᠤ᠂ 8.63 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 10.61%᠎ ᠶᠢ ᠡᠵᠡᠯᠡᠪᠡ︔ 0.5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 75 ᠪᠠᠶᠢᠵᠤ᠂ 5.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 6.37%᠎ ᠶᠢ ᠡᠵᠡᠯᠡᠪᠡ᠃    ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠠᠴᠠ ᠦᠵᠡᠪᠡᠯ᠂ ᠦᠷᠭᠦᠯᠵᠢᠯᠡᠨ ᠪᠠᠶᠢᠭᠤᠯᠬᠤ ᠪᠡᠯᠡ ᠣᠷᠣᠭᠤᠯᠤᠯᠲᠠ ᠶᠢᠨ ᠲᠥᠷᠥᠯ ᠵᠦᠢᠯ 92 ᠪᠠᠶᠢᠵᠤ᠂ ᠪᠦᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 50.00%᠎ ᠶᠢ ᠡᠵᠡᠯᠡᠵᠦ᠂ 55.92 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠶ ᠪᠡᠯᠡ ᠣᠷᠣᠭᠤᠯᠤᠯᠲᠠ ᠶᠢᠨ 68.77%᠎ ᠶᠢ ᠡᠵᠡᠯᠡᠪᠡ︔ 92 ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠪᠦᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 50.0%᠎ ᠶᠢ ᠡᠵᠡᠯᠡᠵᠦ᠂ 25.40 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠶ ᠪᠡᠯᠡ ᠣᠷᠣᠭᠤᠯᠤᠯᠲᠠ ᠶᠢᠨ 31.23%᠎ ᠶᠢ ᠡᠵᠡᠯᠡᠪᠡ᠃    ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠢᠶᠠᠷ ᠦᠵᠡᠪᠡᠯ᠂ ᠪᠡᠯᠡ ᠣᠷᠣᠭᠤᠯᠤᠯᠲᠠ ᠶᠢᠨ ᠬᠥᠮᠥᠷᠭᠡ ᠶᠢᠨ ᠲᠥᠷᠥᠯ ᠵᠦᠢᠯ ᠨᠡᠶᠢᠲᠡ 23 ᠲᠥᠷᠥᠯ ᠵᠦᠢᠯ ᠨᠢ ᠠᠵᠢᠯ ᠢᠶᠠᠨ ᠡᠬᠢᠯᠡᠭᠦᠯᠦᠭᠰᠡᠨ ᠦᠭᠡᠶ ᠪᠥᠭᠡᠳ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 12.5%᠎ ᠶᠢ ᠡᠵᠡᠯᠡᠨ᠂ ᠡᠭᠦᠨ ᠳᠤ ᠪᠡᠯᠡ ᠣᠷᠣᠭᠤᠯᠤᠯᠲᠠ ᠶᠢᠨ 19 ᠲᠥᠷᠥᠯ ᠵᠦᠢᠯ ᠨᠢ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠡᠨᠡ ᠵᠢᠯ ᠬᠥᠮᠥᠷᠭᠡ ᠠᠴᠠ ᠭᠠᠷᠭᠠᠬᠤ ᠪᠠᠷ ᠪᠡᠯᠡᠳᠬᠡᠵᠦ ᠪᠠᠶᠢᠨ᠎ᠠ᠃    ᠳᠥᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠥᠭᠡᠳᠡ ᠦᠭᠡᠶ    2023 ᠣᠨ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 42.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0%᠎ ᠪᠠᠷ ᠨᠡᠮᠡᠭᠳᠡᠪᠡ᠃ ᠨᠡᠶᠢᠭᠡᠮ ᠤᠨ ᠲᠠᠸᠠᠷ ᠤᠨ ᠪᠣᠷᠣᠯᠠᠭᠤᠯᠭ᠎ᠠ ᠶᠢᠨ ᠶᠡᠷᠦᠩᠬᠡᠶ ᠬᠡᠮᠵᠢᠶ᠎ᠡ 70.92 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.2% ᠨᠡᠮᠡᠭᠳᠡᠪᠡ᠃ ᠡᠭᠦᠨ ᠳᠤ᠄ ᠪᠥᠭᠡᠮ ᠢᠶᠠᠷ ᠬᠤᠳᠠᠯᠳᠤᠬᠤ ᠦᠢᠯᠡᠰ 35.02 ᠳ᠋ᠦᠩᠰᠢᠭᠤᠷ ᠲᠥᠭᠦᠷᠢᠭ ᠲᠤ ᠬᠦᠷᠴᠦ᠂ 1.4%᠎ ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ 31.80 ᠳ᠋ᠦᠩᠰᠢᠭᠤᠷ ᠲᠥᠭᠦᠷᠢᠭ ᠲᠤ ᠬᠦᠷᠴᠦ᠂ 2.4%᠎ ᠪᠠᠷ ᠨᠡᠮᠡᠭᠳᠡᠪᠡ︔ ᠬᠤᠨᠤᠭ ᠤᠨ ᠦᠢᠯᠡᠰ 0.55 ᠳ᠋ᠦᠩᠰᠢᠭᠤᠷ ᠲᠥᠭᠦᠷᠢᠭ ᠲᠤ ᠬᠦᠷᠴᠦ᠂ 9.2%᠎ ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ 3.55 ᠳ᠋ᠦᠩᠰᠢᠭᠤᠷ ᠲᠥᠭᠦᠷᠢᠭ ᠲᠤ ᠬᠦᠷᠴᠦ᠂ 17.7%᠎ ᠪᠠᠷ ᠨᠡᠮᠡᠭᠳᠡᠪᠡ᠃    ᠲᠠᠪᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ    2023 ᠣᠨ ᠳᠤ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 17.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3%᠎ ᠪᠠᠷ ᠨᠡᠮᠡᠭᠳᠡᠪᠡ᠃ ᠡᠭᠦᠨ ᠳᠤ ᠂ ᠭᠠᠶᠢᠯᠢ ᠲᠠᠲᠠᠪᠤᠷᠢ ᠶᠢᠨ ᠣᠷᠣᠯᠭ᠎ᠠ 13.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.1%᠎ ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 78.8%᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 33.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6 %᠎ ᠪᠠᠷ ᠨᠡᠮᠡᠭᠳᠡᠪᠡ᠃    ᠵᠢᠷᠭᠤᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠭᠲᠠᠭᠤᠨ ᠢᠶᠠᠷ ᠨᠡᠮᠡᠭᠳᠡᠪᠡ    2023 ᠣᠨ ᠤ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 344.15 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 11.7%᠎ ᠪᠠᠷ ᠨᠡᠮᠡᠭᠳᠡᠵᠡᠶ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 306.38 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 11.9%᠎ ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 255.69 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 20.3%᠎ ᠪᠠᠷ ᠨᠡᠮᠡᠭᠳᠡᠪᠡ᠃    ᠳᠣᠯᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ    2023 ᠣᠨ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41340 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠨᠡᠮᠡᠭᠳᠡᠪᠡ᠂ ᠡᠭᠦᠨ ᠳᠤ ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 45366 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ 29456 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.7%᠎ ᠪᠠᠷ ᠨᠡᠮᠡᠭᠳᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1