ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠶᠢ ᠰᠤᠳᠤᠯᠪᠠ
ᠨᠡᠶᠢᠲᠡᠯᠡᠭᠰᠡᠨ ᠴᠠᠭ᠄
2024/1/24
    ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 22᠎ ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠳ᠋ᠦ᠋ᠭᠡᠷ ᠰᠠᠷ᠎ᠠ ᠶᠢᠨ 22᠎ ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠳᠠᠷᠤᠢ ᠲᠦᠷᠭᠡᠨ ᠬᠦᠷᠭᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠎ ᠢ ᠬᠢᠨᠠᠨ ᠵᠥᠪᠯᠡᠵᠦ ᠪᠠᠲᠤᠯᠠᠨ᠂ ᠬᠢᠮᠡᠯ ᠤᠶᠤᠨ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠎ ᠳᠤ ᠬᠦᠴᠦᠨ ᠣᠯᠭᠤᠬᠤ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠵᠢᠴᠢ ᠠᠵᠢᠯ ᠤᠨ ᠪᠣᠳᠣᠯᠬᠢᠯᠠᠯ ᠤᠨ ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠲ᠋ᠣᠮ ᠤᠨ ᠡᠨᠧᠷᠭᠢ ᠶᠢᠨ ᠬᠠᠤᠯᠢ ︵ᠲᠥᠰᠦᠯ︶︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾᠎ ᠶᠢ ᠶᠠᠷᠢᠯᠴᠠᠪᠠ᠃    ᠬᠤᠷᠠᠯ ᠳᠤ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠪᠣᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ︽ᠮᠢᠩᠭ᠎ᠠ ᠲᠦᠮᠡᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠢ ᠲᠠᠲᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠲᠤᠯ ᠦᠭᠡᠢ ᠪᠠᠷ ᠬᠤᠪᠢᠷᠠᠭᠤᠯᠬᠤ ᠶᠢ ᠲᠦᠷᠭᠡᠳᠬᠡᠵᠦ᠂ ᠠᠮᠢᠳᠤᠷᠠᠵᠤ ᠠᠵᠢᠯᠯᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠬᠡᠷᠡᠭᠲᠡᠢ ᠭᠡᠵᠡᠢ     ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠎ ᠤᠳ ᠲᠤ ᠳᠠᠷᠤᠢ ᠲᠦᠷᠭᠡᠨ ᠬᠦᠷᠭᠡᠬᠦ ᠠᠵᠢᠯ ᠲᠥᠷᠥᠯ ᠲᠦᠷᠭᠡᠨ ᠬᠥᠭᠵᠢᠵᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠣᠯᠬᠤ ᠶᠢ ᠥᠷᠭᠡᠳᠬᠡᠬᠦ ᠵᠡᠷᠭᠡ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠵᠣᠷᠢᠭᠵᠢᠭᠤᠯᠤᠨ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠤᠳᠠᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠦᠪᠰᠢᠨ ᠪᠠ ᠲᠤᠰᠠᠯᠠᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ᠂ ᠳᠠᠷᠤᠢ ᠲᠦᠷᠭᠡᠨ ᠬᠦᠷᠭᠡᠬᠦ ᠠᠮᠤᠷ ᠲᠦᠪᠰᠢᠨ ᠵᠡᠷᠭᠡ ᠬᠤᠷᠢᠭ᠎ᠠ ᠱᠤᠭᠤᠮ ᠢ ᠰᠠᠶᠢᠲᠤᠷ ᠰᠠᠬᠢᠬᠤ ᠶᠢ ᠰᠢᠮᠳᠠᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠳᠤ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠮᠡᠯ ᠤᠶᠤᠨ ᠪᠣᠯᠤᠨ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠬᠤ ᠪᠠᠷ ᠭᠤᠣᠯ ᠰᠢᠵᠢᠮ ᠪᠣᠯᠭᠠᠵᠤ᠂ ᠣᠶᠤᠨᠴᠢ ᠦᠢᠯᠡᠳᠬᠡᠯ ᠢᠶᠠᠷ ᠭᠤᠣᠯ ᠬᠦᠴᠦᠯᠡᠬᠦ ᠴᠢᠭᠯᠡᠯ ᠪᠣᠯᠭᠠᠵᠤ᠂ ᠠᠬᠤᠢ ᠲᠠᠯᠠᠪᠠᠢ ᠶᠢᠨ ᠬᠡᠷᠡᠭᠯᠡᠯᠲᠡ ᠪᠠᠷ ᠬᠥᠲᠥᠯᠦᠮᠵᠢ ᠪᠣᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠣᠶᠤᠨᠴᠢ ᠲᠡᠰ ᠳᠡᠪᠰᠢᠯᠲᠡ ᠶᠢ ᠲᠦᠷᠭᠡᠳᠬᠡᠵᠦ᠂ ᠣᠶᠤᠨᠴᠢ ᠦᠢᠯᠡᠳᠬᠦᠨ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦ ᠲᠣᠭᠲᠠᠯᠴᠠᠭ᠎ᠠ ᠳᠤ ᠥᠨᠳᠥᠷ ᠲᠦᠪᠰᠢᠨ ᠲᠠᠢ ᠬᠦᠴᠦᠨ ᠣᠯᠭᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ ᠪᠣᠯᠤᠨ ᠲᠣᠭᠠᠴᠢᠯᠠᠭᠰᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠲᠡᠢ ᠲᠤᠰᠠᠯᠠᠮᠵᠢ ᠬᠠᠩᠭᠠᠬᠤ ᠬᠡᠷᠡᠭᠲᠡᠢ ᠭᠡᠵᠡᠢ᠃    ᠬᠤᠷᠠᠯ ᠳᠤ ᠴᠢᠬᠤᠯᠠᠴᠢᠯᠠᠭᠰᠠᠨ ᠨᠢ᠂ ᠬᠦᠷᠦᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠵᠤ ᠪᠡᠯᠡ ᠴᠤᠭᠯᠠᠭᠤᠯᠬᠤ ᠶᠢᠨ ᠬᠥᠳᠡᠯᠦᠩᠭᠦᠢ ᠲᠡᠩᠴᠡᠭᠦᠷᠢ ᠶᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠪᠣᠯᠤᠨ ᠪᠡᠯᠡ ᠣᠷᠣᠭᠤᠯᠤᠯᠲᠠ ᠶᠢᠨ ᠦᠷᠳᠡᠭ ᠢ ᠶᠡᠭᠡ ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ  ᠶᠢ ᠡᠷᠴᠢᠮᠵᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠭᠤᠨ ᠴᠢᠨᠠᠷ ᠢ ᠴᠢᠩᠭᠠᠳᠬᠠᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠥᠬᠡᠶ︾ ᠪᠠᠶᠢᠵᠤ᠂ ᠵᠢᠷᠤᠮᠵᠢᠭᠰᠠᠨ ᠢᠯᠡ ᠲᠣᠳᠣ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠪᠠᠲᠤᠳᠬᠠᠬᠤ ᠳᠤ ᠬᠦᠴᠦᠯᠡᠬᠦ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠠᠵᠤ ᠠᠬᠤᠶ ᠶᠢᠨ ᠳᠡᠭᠡᠭᠰᠢᠯᠡᠨ ᠰᠠᠶᠢᠵᠢᠷᠠᠬᠤ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠳᠤ ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠠᠲ᠋ᠣᠮ ᠤᠨ ᠡᠨᠧᠷᠭᠢ ᠶᠢᠨ ᠬᠠᠣᠯᠢ ︵ᠳᠦᠰᠣᠯ︶︾ ᠪᠠ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾᠎ ᠶᠢ ᠪᠦᠭᠦ ᠤᠯᠤᠰ ᠤᠨ ᠠᠷᠠᠣᠠ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠠᠪᠰᠢᠭᠦᠯᠵᠤ ᠬᠢᠨᠠᠨ ᠶᠠᠷᠢᠯᠴᠠᠭᠤᠯᠬᠤ ᠪᠠᠷ ᠳᠣᠬᠲᠠᠪᠠ᠃ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1