ᠵᠠᠩ ᡁᠢ ᠸᠧᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
   
1_副本.jpg
       1 ᠰᠠᠷ᠎ᠠ ᠶᠢᠨ 25᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠥᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠶᠢᠨ ᠰᠡᠷᠭᠡᠶᠢᠯᠡᠯᠲᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠨᠠᠶᠢᠳᠠᠪᠤᠷᠢᠵᠢᠭᠤᠯᠵᠤ ᠂ ᠮᠠᠨ ᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ ᠂ ᠸᠠᠩ ᠶᠠᠨ ᠪᠥᠸᠧ ᠂ ᠭᠠᠷᠤᠳᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ᠂ ᠶᠢᠨ ᠮᠢᠩ ᠂  ᠫᠧᠩ ᠰᠢᠶᠣᠣ ᠵᠢᠤᠸᠠᠨ ᠂ ᠤᠯᠠᠭᠠᠨᠬᠠᠳᠠ ᠬᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃    ᠵᠠᠩ ᡁᠢ ᠸᠧᠢ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ ᠂ ᠠᠮᠤᠷ ᠲᠦᠪᠰᠢᠨ ᠢᠶᠠᠷ ᠬᠥᠭᠵᠢᠭᠦᠯᠬᠦ ᠦᠵᠡᠯᠲᠡ ᠶᠢ ᠡᠷᠡᠰ ᠪᠠᠲᠤ ᠪᠤᠢ ᠪᠣᠯᠭᠠᠵᠤ ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠠᠵᠢᠯ ᠲᠥᠷᠥᠯ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠠᠵᠢᠯᠲᠠᠨ ᠢ ᠰᠢᠯᠵᠢᠭᠦᠯᠥᠨ ᠠᠪᠴᠢᠷᠠᠵᠤ ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ  ᠪᠠᠶᠢᠭᠤᠯᠤᠨ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠡᠮᠨᠡᠯᠭᠡ ᠶᠢᠨ ᠬᠤᠷᠢᠶ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠥᠭᠡᠲᠦ ᠳᠡᠯᠭᠡᠭᠦᠷ ᠪᠠ ᠰᠦᠯᠵᠢᠶᠡᠨ ᠤ ᠪᠠᠭᠠᠷ ᠵᠡᠷᠭᠡ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠂ ᠠᠭᠤᠷᠬᠠᠢ᠂ ᠬᠦᠷᠢᠶᠡᠯᠡᠩ ᠲᠣᠭᠤᠷᠢᠭ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠣᠨᠴᠠ ᠲᠥᠷᠥᠯ ᠤᠨ ᠲᠥᠬᠦᠭᠡᠷᠦᠮᠵᠢ ᠪᠠ ᠵᠠᠮ ᠬᠠᠷᠢᠯᠴᠠᠭ᠎ᠠ ᠵᠡᠷᠭᠡ ᠬᠦᠷᠢᠶᠡᠨ ᠳᠤ ᠲᠤᠰᠬᠠᠢ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠭᠡᠮ ᠰᠤᠭᠤᠭ ᠲᠤ ︽ ᠥᠴᠥᠬᠡᠨ ᠴᠦ ᠠᠭᠤᠴᠢᠯᠠᠬᠤ ᠦᠭᠡᠢ︾ ᠪᠠᠶᠢᠬᠤ ᠶᠢ ᠬᠡᠷᠡᠭᠵᠢᠭᠦᠯᠵᠦ᠂ ᠨᠢᠭᠡ ᠨᠢᠭᠡ ᠪᠠᠷ ᠡᠬᠡ ᠲᠠᠩᠰᠠ ᠪᠠᠶᠢᠭᠤᠯᠤᠨ᠂ ᠪᠢᠲᠡᠭᠦᠦ ᠴᠠᠭᠠᠷᠢᠭ ᠢᠶᠠᠷ ᠬᠠᠮᠢᠶᠠᠷᠴᠤ᠂ ᠪᠠᠶᠢᠴᠠᠭᠠᠯᠲᠠ ᠶᠢᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠵᠤ ᠂ ᠡᠳᠦᠷ ᠳᠤᠳᠤᠮ ᠤᠨ ᠪᠠᠶᠢᠴᠠᠭᠠᠯᠲᠠ ᠪᠣᠯᠣᠨ ᠪᠠᠶᠢᠩᠭᠤᠵᠢᠭᠰᠠᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ ᠂ ᠣᠨᠴᠠᠭᠠᠶᠢᠯᠠᠨ ᠭᠠᠳᠠᠭᠰᠢ ᠳᠠᠭᠠᠭᠠᠴᠢᠯᠠᠭᠤᠯᠬᠤ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ ᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ ᠃ ᠤᠬᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠶᠢ ᠴᠢᠩᠭᠠᠷᠠᠭᠤᠯᠤᠨ᠂ ᠠᠵᠤ ᠠᠬᠤᠶᠢᠯᠠᠯ᠂ ᠣᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1