ᠰᠢ ᠶᠢᠨ ᠫᠢᠩ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/1/26
    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 24᠎ ᠤ ᠴᠠᠭᠢᠯᠭᠠᠨ ᠮᠡᠳᠡᠭᠡ 1 ᠰᠠᠷ᠎ᠠ ᠶᠢᠨ 24᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠦᠽᠪᠧᠺᠰᠲ᠋ᠠᠨ ᠤ ᠬᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠠᠷ ᠲᠣᠭᠲᠠᠵᠤ᠂ ᠨᠡᠩ ᠥᠨᠳᠥᠷ ᠭᠠᠷᠤᠭ᠎ᠠ ᠠᠴᠠ ᠳᠤᠮᠳᠠᠳᠤ ᠦᠽᠪᠧᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠨᠡᠶᠢᠲᠡᠯᠡᠪᠡ᠃
a1_副本.jpg
        1 ᠰᠠᠷ᠎ᠠ ᠶᠢᠨ 24᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠲᠤᠨ ᠮᠢᠷᠵᠢᠶᠤᠤᠶ᠋ᠸᠧᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ᠃       ᠰᠢ ᠶᠢᠨ ᠫᠢᠩ᠂ 32 ᠵᠢᠯ ᠤᠨ ᠡᠮᠦᠨ᠎ᠡ᠂ ᠦᠽᠪᠧᠺᠰᠲ᠋ᠠᠨ ᠳᠤᠮᠳᠠᠳᠤ ᠠᠽᠢᠶ᠎ᠠ ᠶᠢᠨ ᠤᠯᠤᠰ ᠤᠳ ᠤᠨ ᠳᠤᠮᠳᠠ ᠬᠠᠮᠤᠭ ᠤᠨ ᠲᠦᠷᠦᠭᠦᠨ ᠳᠤ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠤᠮᠳᠠᠳᠤ ᠦᠽᠪᠧᠺᠰᠲ᠋ᠠᠨ ᠤ ᠨᠥᠬᠦᠷᠯᠡᠯ ᠤᠨ ᠲᠣᠮᠣ ᠮᠣᠳᠣ ᠦᠨᠳᠦᠰᠦ ᠨᠢ ᠭᠦᠨ ᠨᠠᠪᠴᠢ ᠨᠢ ᠢᠭᠴᠤ ᠰᠠᠬᠤᠯᠢᠭ ᠪᠣᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠠᠢ᠃ ᠢᠯᠠᠩᠭᠤᠶ᠎ᠠ ᠥᠩᠭᠡᠷᠡᠭᠰᠡᠨ 7 ᠵᠢᠯ ᠭᠠᠷᠤᠢ ᠶᠢᠨ ᠲᠤᠷᠰᠢ᠂ ᠪᠢᠳᠡ ᠬᠠᠮᠲᠤ ᠪᠠᠷ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠵᠤ ᠡᠳᠦᠷ ᠠᠴᠠ ᠡᠳᠦᠷ ᠥᠭᠡᠳᠡᠯᠡᠨ ᠲᠠᠪᠰᠢᠵᠤ ᠪᠠᠶᠢᠭ᠎ᠠ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠪᠠ᠃ ᠨᠡᠩ ᠪᠠᠶᠠᠯᠢᠭ ᠳᠣᠲᠣᠭᠠᠳᠤ ᠠᠭᠤᠯᠬᠤᠨ ᠪᠠ ᠠᠮᠢᠵᠢᠷᠠᠯ ᠤᠨ ᠬᠦᠴᠦᠨ ᠲᠠᠢ ᠳᠤᠮᠳᠠᠳᠤ ᠦᠽᠪᠧᠺᠰᠲ᠋ᠠᠨ ᠤ ᠬᠠᠷᠢᠯᠴᠠᠭ᠎ᠠ ᠶᠢ ᠪᠠᠶᠢᠭᠤᠯᠬᠤ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠠᠷ ᠠᠵᠠ ᠲᠣᠭᠢᠶᠠᠯ ᠪᠤᠯᠭᠠᠵᠤ᠂ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠷ ᠳᠤᠮᠳᠠᠳᠤ ᠦᠽᠪᠧᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠤᠮᠳᠠᠳᠤ ᠦᠽᠪᠧᠺᠰᠲ᠋ᠠᠨ ᠤ ᠲᠤᠰ ᠲᠤᠰ ᠤᠨ ᠣᠳᠣᠬᠢᠴᠢᠯᠠᠯᠲᠠ ᠶᠢᠨ ᠦᠢᠯᠡᠰ ᠢᠶᠠᠨ ᠠᠬᠢᠭᠤᠯᠬᠤ ᠳᠤ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠦᠽᠪᠧᠺᠰᠲ᠋ᠠᠨ ᠤ ᠬᠠᠷᠢᠯᠴᠠᠭ᠎ᠠ ᠰᠠᠶᠢᠨ ᠪᠠᠶᠢᠬᠤ ᠨᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠪᠠᠷ ᠬᠠᠨᠳᠤᠵᠤ᠂ ᠢᠲᠡᠭᠡᠯᠴᠡᠭᠡ ᠪᠠᠷ ᠨᠥᠬᠦᠷᠯᠡᠭᠰᠡᠨ ᠳᠤ ᠪᠤᠢ᠂ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠨᠡᠩ ᠡᠷᠡᠰ ᠪᠠᠲᠤ ᠪᠠᠷ ᠬᠠᠷᠢᠯᠴᠠᠨ ᠳᠡᠮᠵᠢᠯᠴᠡᠶ᠎ᠡ᠃ ᠳᠤᠮᠳᠠᠳᠤ ᠤᠯᠤᠰ ᠦᠽᠪᠧᠺᠰᠲ᠋ᠠᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠦᠽᠪᠧᠺᠰᠲ᠋ᠠᠨ ᠤ ᠬᠢᠨ ᠤ ᠬᠥᠭᠵᠢᠯᠲᠡ ᠶᠢᠨ ᠵᠠᠮ ᠢᠶᠠᠨ ᠡᠵᠡᠨ ᠮᠡᠳᠡᠵᠤ ᠰᠣᠩᠭᠤᠬᠤ ᠶᠢ ᠡᠷᠡᠰ ᠲᠠᠮᠵᠢᠨ᠎ᠠ᠃ ᠬᠤᠶᠠᠷ ᠲᠠᠯ᠎ᠠ ᠪᠠᠷ ᠢᠶᠠᠨ ᠵᠠᠰᠠᠭ ᠤᠨ ᠣᠷᠳᠣᠨ ᠤ ᠬᠤᠭᠤᠷᠣᠨᠳᠣᠭᠢ ᠬᠠᠮᠲᠤᠷᠠᠯᠴᠠᠭᠠᠨ ᠤ ᠵᠥᠪᠯᠡᠯ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠦᠶ᠎ᠡ᠃ ᠳᠤᠮᠳᠠᠳᠤ ᠦᠽᠪᠧᠺᠰᠲ᠋ᠠᠨ ᠤ ᠬᠥᠭᠵᠢᠯᠲᠡ ᠶᠢᠨ ᠬᠠᠷᠠᠯᠲᠠ ᠠᠳᠠᠯᠢᠪᠲᠤᠷ᠂ ᠣᠶᠢᠯᠠᠭᠠᠭᠳᠠᠬᠤᠨ ᠵᠣᠬᠢᠴᠠᠯᠳᠤᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠢᠳᠡᠪᠬᠢᠲᠡᠢ ᠵᠣᠯᠭᠠᠭᠤᠯᠵᠤ᠂ ᠤᠯᠠᠮᠵᠢᠯᠠᠯᠲᠤ ᠬᠠᠮᠲᠤᠷᠠᠯᠴᠠᠭᠠᠨ ᠤ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠠᠵᠤ ᠠᠬᠤᠢ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠳᠤᠮᠳᠠ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠪᠡᠯᠡ ᠣᠷᠣᠭᠤᠯᠤᠯᠲᠠ ᠪᠣᠯᠣᠨ ᠠᠷᠠᠯᠵᠢᠶᠠᠨ ᠤ ᠳᠥᠭᠦᠮᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ ᠶᠢᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠬᠠᠮᠲᠤᠷᠠᠯᠴᠠᠭ᠎ᠠ ᠶᠢ ᠥᠷᠭᠡᠳᠬᠡᠵᠦ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠦᠽᠪᠧᠺᠰᠲ᠋ᠠᠨ ᠤ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠤᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠺᠢᠷᠭᠢᠽᠰᠲ᠋ᠠᠨ ᠦᠽᠪᠧᠺᠰᠲ᠋ᠠᠨ ᠤ ᠲᠡᠮᠦᠷ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠡᠬᠢᠯᠡᠭᠦᠯᠵᠦ᠂ ︽ᠬᠠᠲᠠᠭᠤ ᠨᠡᠪᠲᠡᠷᠡᠯᠴᠡᠭᠡ︾ ᠪᠠ ︽ᠵᠥᠭᠡᠯᠡᠨ ᠵᠤᠯᠭᠠᠯᠴᠠᠭ᠎ᠠ︾᠎ ᠶᠢ ᠵᠡᠷᠭᠡ ᠪᠠᠷ ᠠᠬᠢᠭᠤᠯᠵᠤ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠦᠽᠪᠧᠺᠰᠲ᠋ᠠᠨ ᠤ ︽ᠡᠬᠡ ᠬᠠᠭᠤᠷᠠᠢ ᠶᠢᠨ ᠪᠢᠲᠡᠭᠦᠮᠵᠢᠯᠡᠭᠳᠡᠭᠰᠡᠨ ᠤᠯᠤᠰ︾᠎ ᠠᠴᠠ ︽ᠡᠬᠡ ᠬᠠᠭᠤᠷᠠᠢ ᠶᠢᠨ ᠨᠡᠪᠲᠡᠷᠡᠯᠴᠡᠭᠰᠡᠨ ᠤᠯᠤᠰ︾ ᠲᠡᠶᠢᠰᠢ ᠭᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠳᠤᠷᠠᠲᠠᠶ᠎ᠠ ᠦᠽᠪᠧᠺᠰᠲ᠋ᠠᠨ ᠤ ᠬᠢᠨ ᠲᠠᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠭᠢᠯᠭᠠᠨ᠂ ᠤᠰᠤᠨ ᠴᠠᠭᠢᠯᠭᠠᠨ ᠵᠡᠷᠭᠡ ᠴᠢᠬᠤᠯᠠ ᠶᠡᠭᠡ ᠲᠦᠷᠦᠯ ᠵᠦᠢᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠦᠽᠪᠧᠺᠰᠲ᠋ᠠᠨ ᠤ ᠪᠣᠬᠢᠷᠳᠤᠯ ᠦᠭᠡᠢ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠬᠦᠴᠦᠨ ᠨᠡᠮᠡᠷᠢᠯᠡᠵᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠢᠨᠵᠧᠨᠧᠷᠢᠩ ᠢ ᠪᠠᠶᠢᠭᠤᠯᠤᠶ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ ᠤᠨ ᠡᠳᠦᠷᠯᠢᠭ᠂ ᠤᠷᠠᠯᠢᠭ ᠤᠨ ᠪᠠᠶᠠᠷ ᠢ ᠦᠷᠭᠦᠯᠵᠢᠯᠡᠨ ᠬᠠᠷᠢᠯᠴᠠᠨ ᠡᠷᠭᠢᠯᠡᠵᠦ᠂ ᠬᠠᠷᠢᠯᠴᠠᠨ ᠰᠣᠶᠣᠯ ᠤᠨ ᠲᠥᠪ ᠪᠠᠶᠢᠭᠤᠯᠬᠤ ᠶᠢ ᠲᠦᠷᠭᠡᠳᠬᠡᠵᠦ᠂ ᠬᠢᠲᠠᠳ ᠬᠡᠯᠡᠨ ᠤ ᠵᠢᠭᠠᠨ ᠰᠤᠷᠭᠠᠯᠲᠠ ᠶᠢᠨ ᠬᠠᠮᠲᠤᠷᠠᠯᠴᠠᠭ᠎ᠠ ᠶᠢ ᠥᠷᠭᠡᠳᠬᠡᠵᠦ᠂ ᠵᠠᠯᠠᠭᠤᠴᠤᠳ ᠤᠨ ᠰᠣᠯᠢᠯᠴᠠᠭ᠎ᠠ ᠶᠢ ᠴᠢᠩᠭᠠᠳᠬᠠᠬᠤ ᠶᠢ ᠳᠡᠮᠵᠢᠶ᠎ᠡ᠂ ᠳᠤᠮᠳᠠᠳᠤ ᠤᠯᠤᠰ ᠳᠤᠷᠠᠲᠠᠶ᠎ᠠ ᠦᠽᠪᠧᠺᠰᠲ᠋ᠠᠨ ᠤ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠳᠤ ᠨᠡᠩ ᠤᠯᠠᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠦᠽᠪᠧᠺᠰᠲ᠋ᠠᠨ ᠤ ᠬᠢᠨ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠥᠪ ᠣᠨᠣᠪᠴᠢᠲᠠᠢ ᠬᠥᠭᠵᠢᠯᠲᠡ ᠶᠢᠨ ᠴᠢᠭᠯᠡᠯ ᠢ ᠬᠠᠮᠲᠤ ᠪᠠᠷ ᠬᠠᠮᠠᠭᠠᠯᠠᠵᠤ᠂ ᠳᠤᠮᠳᠠᠳᠤ ᠤᠯᠤᠰ – ᠳᠤᠮᠳᠠᠳᠤ ᠠᠽᠢᠶ᠎ᠠ ᠶᠢᠨ ᠰᠢ ᠠᠨ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ – ᠳᠤᠮᠳᠠᠳᠤ ᠠᠽᠢᠶ᠎ᠠ ᠶᠢᠨ ᠲᠣᠭᠲᠠᠴᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠪᠦᠭᠦ ᠪᠥᠮᠪᠥᠷᠴᠡᠭ ᠪᠣᠯᠣᠨ ᠣᠷᠣᠨ ᠪᠦᠰᠡ ᠶᠢᠨ ᠵᠠᠰᠠᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠮᠢᠷᠵᠢᠶᠤᠤᠶᠧᠹ᠂ ᠡᠨᠡ ᠵᠢᠯ ᠤᠨ ᠠᠩᠬᠠᠳᠠᠭᠴᠢ ᠭᠠᠳᠠᠭᠠᠳᠤ ᠠᠶᠢᠯᠴᠢᠯᠠᠯᠲᠠ ᠪᠠᠨ ᠪᠢ ᠳᠤᠮᠳᠠᠳᠤ ᠤᠯᠤᠰ ᠢ ᠰᠣᠩᠭᠤᠵᠤ ᠠᠶᠢᠯᠴᠢᠯᠠᠬᠰᠠᠨ ᠨᠢ ᠴᠢᠬᠤᠯᠠ ᠪᠡᠯᠭᠡᠳᠡᠯ ᠤᠨ ᠠᠴᠢ ᠬᠤᠯᠪᠣᠭᠳᠠᠯ ᠲᠠᠢ ᠶᠤᠮ᠃ ᠦᠽᠪᠧᠺᠰᠲ᠋ᠠᠨ ᠳᠤᠮᠳᠠᠳᠤ ᠶᠢᠨ ᠠᠷᠠᠳ ᠲᠦᠮᠡᠨ ᠮᠢᠩᠭᠠᠨ ᠵᠢᠯ ᠤᠨ ᠤᠯᠠᠮᠵᠢᠯᠠᠯᠲᠤ ᠨᠥᠬᠦᠷᠯᠡᠯ ᠲᠠᠢ᠂ ᠬᠤᠶᠠᠷ ᠤᠯᠤᠰ ᠤᠨ ᠬᠠᠷᠢᠯᠴᠠᠭ᠎ᠠ ᠥᠨᠳᠥᠷ ᠲᠦᠪᠰᠢᠨ ᠪᠦᠬᠦᠢ ᠬᠥᠭᠵᠢᠯᠲᠡ ᠪᠠᠨ ᠪᠠᠲᠤᠯᠠᠪᠠ᠃ ᠪᠢ ᠳᠤᠮᠳᠠᠳᠤ ᠤᠯᠤᠰ ᠲᠤ ᠠᠶᠢᠯᠴᠢᠯᠠᠬᠤ ᠪᠣᠯᠭᠠᠨ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠮᠠᠰᠢ ᠮᠠᠭᠲᠠᠨ ᠰᠠᠶᠢᠰᠢᠶᠠᠳᠠᠭ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠶᠢᠨ ᠠᠴᠢ ᠪᠠᠷ᠂ ᠳᠤᠮᠳᠠᠳᠤ ᠤᠯᠤᠰ ᠠᠵᠤ ᠠᠬᠤᠢ ᠶᠢᠨ ᠬᠥᠭᠵᠢᠯᠲᠡ᠂ ᠰᠢᠨ᠎ᠡ ᠶᠢ ᠡᠭᠦᠳᠬᠦ ᠴᠢᠳᠠᠪᠤᠷᠢ ᠵᠡᠷᠭᠡ ᠤᠯᠠᠨ ᠲᠠᠯ᠎ᠠ ᠪᠠᠷ ᠨᠢᠭᠡᠨᠲᠡ ᠳᠡᠯᠡᠬᠡᠢ ᠶᠢᠨ ᠬᠦᠴᠦᠷᠬᠡᠭ ᠤᠯᠤᠰ ᠪᠣᠯᠵᠠᠢ᠂ ᠳᠤᠮᠳᠠᠳᠤ ᠤᠯᠤᠰ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠶᠠᠨ ᠳᠤ ᠨᠡᠩ ᠶᠡᠭᠡ ᠰᠢᠨ᠎ᠡ ᠠᠮᠵᠢᠯᠲᠠ ᠣᠯᠬᠤ ᠶᠢ ᠢᠲᠡᠭᠡᠵᠦ ᠪᠠᠶᠢᠨ᠎ᠠ᠃ ᠦᠽᠪᠧᠺᠰᠲ᠋ᠠᠨ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠣᠳᠣᠬᠢᠴᠢᠯᠠᠯᠲᠠ ᠶᠢᠨ ᠵᠠᠮ ᠳᠡᠭᠡᠷ᠎ᠡ ᠵᠠᠮ ᠨᠢᠭᠡᠲᠡᠢ ᠬᠠᠨᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ᠃ ᠦᠽᠪᠧᠺᠰᠲ᠋ᠠᠨ ᠳᠤᠮᠳᠠᠳᠤ ᠶᠢᠨ ᠬᠠᠷᠢᠯᠴᠠᠭ᠎ᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ᠂ ᠬᠠᠷᠢᠯᠴᠠᠨ ᠬᠦᠨᠳᠦᠳᠬᠡᠬᠦ ᠪᠠ ᠬᠠᠷᠢᠯᠴᠠᠨ ᠬᠠᠪᠰᠤᠷᠤᠨ ᠲᠤᠰᠠᠯᠠᠬᠤ ᠳᠤ ᠰᠠᠭᠤᠷᠢᠯᠠᠭᠰᠠᠨ ᠶᠤᠮ᠃ ᠪᠢ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠬᠠᠷᠢᠯᠴᠠᠭ᠎ᠠ ᠶᠢ ᠤᠯᠠᠮ ᠴᠢᠨᠠᠭᠰᠢᠳᠠ ᠬᠥᠭᠵᠢᠭᠦᠯᠬᠦ ᠲᠤᠬᠠᠢ ᠰᠠᠨᠠᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ᠂ ᠦᠽᠪᠧᠺᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠲᠡᠰ ᠳᠡᠪᠰᠢᠭᠦᠯᠬᠦ ᠪᠠᠷ ᠨᠡᠶᠢᠲᠡᠯᠡᠭᠰᠡᠨ ᠳᠡᠭᠡᠨ ᠮᠠᠰᠢ ᠪᠠᠶᠠᠷᠲᠠᠢ ᠪᠠᠶᠢᠨ᠎ᠠ᠂ ᠮᠢᠨᠤ ᠲᠤᠰ ᠤᠳᠠᠭ᠎ᠠ ᠶᠢᠨ ᠠᠶᠢᠯᠴᠢᠯᠠᠯᠲᠠ ᠪᠠᠷ ᠴᠢᠬᠤᠯᠠ ᠠᠵᠠ ᠲᠣᠭᠢᠶᠠᠯ ᠪᠤᠯᠭᠠᠵᠤ᠂ ᠢᠲᠡᠭᠡᠯᠴᠡᠭᠡ ᠪᠠᠨ ᠤᠯᠠᠮ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠪᠣᠬᠢᠷᠳᠤᠯ ᠦᠭᠡᠢ ᠡᠨᠧᠷᠭᠢ᠂ ᠣᠷᠣᠨ ᠨᠤᠲᠤᠭ᠂ ᠵᠢᠭᠤᠯᠴᠢᠯᠠᠯ ᠵᠡᠷᠭᠡ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ᠃ ᠦᠽᠪᠧᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠭᠠᠳᠠᠭᠠᠳᠤ ᠶᠢᠨ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠷᠠᠲᠠᠶ᠎ᠠ ᠲᠠᠶᠢᠸᠠᠨ ᠲᠠᠢ ᠬᠤᠯᠪᠣᠭᠳᠠᠬᠤ᠂ ᠰᠢᠨᠵᠢᠶᠠᠩ ᠲᠠᠢ ᠬᠤᠯᠪᠣᠭᠳᠠᠬᠤ᠂ ᠬᠥᠮᠥᠨ ᠤ ᠡᠷᠬᠡ ᠵᠡᠷᠭᠡ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠳᠤᠮᠳᠠᠳᠤ ᠤᠯᠤᠰ ᠢ ᠡᠷᠡᠰ ᠳᠡᠮᠵᠢᠵᠦ᠂ ᠳᠤᠮᠳᠠᠳᠤ ᠶᠢᠨ ᠲᠠᠯ᠎ᠠ ᠲᠠᠢ ᠬᠠᠮᠲᠤ ᠪᠠᠷ ︽ᠭᠤᠷᠪᠠᠨ ᠵᠦᠢᠯ ᠤᠨ ᠬᠦᠴᠦᠨ︾᠎ ᠳᠤ ᠴᠣᠬᠢᠯᠲᠠ ᠥᠭᠴᠦ᠂ ᠲᠤᠰ ᠲᠤᠰ ᠤᠨ ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠨ᠎ᠠ᠃ ᠣᠶᠢᠷ᠎ᠠ ᠳᠤ᠂ ᠦᠽᠪᠧᠺᠰᠲ᠋ᠠᠨ ᠳᠤᠮᠳᠠᠳᠤ ᠬᠤᠶᠠᠷ ᠤᠯᠤᠰ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠵᠠᠭᠤᠨ ᠰᠤᠷᠭᠠᠭᠤᠯᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ᠵᠢᠭᠤᠯᠴᠢᠯᠠᠯ ᠤᠨ ᠳᠡᠯᠭᠡᠷᠡᠭᠦᠯᠦᠯᠲᠡ ᠪᠠ ᠦᠽᠪᠧᠺᠰᠲ᠋ᠠᠨ ᠤ ᠰᠣᠶᠣᠯ ᠤᠨ ᠡᠳᠦᠷ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠶᠠᠷᠢᠶᠠᠨ ᠤ ᠲᠠᠪᠴᠠᠩ ᠵᠡᠷᠭᠡ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠵᠦ᠂ ᠡᠭᠦᠨ ᠤ ᠳᠣᠲᠣᠷᠠᠬᠢ ᠣᠯᠠᠩᠬᠢ ᠨᠢ ᠴᠥᠮ ᠦᠽᠪᠧᠺᠰᠲ᠋ᠠᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠶᠠᠪᠤᠭᠳᠠᠵᠤ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠨᠥᠬᠦᠷᠯᠡᠯ ᠵᠢᠴᠢ ᠦᠽᠪᠧᠺᠰᠲ᠋ᠠᠨ ᠳᠤᠮᠳᠠᠳᠤ ᠶᠢᠨ ᠬᠠᠷᠢᠯᠴᠠᠭ᠎ᠠ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠪᠠ ᠯᠤᠲᠤ ᠶᠡᠭᠡ ᠳᠠᠯᠳᠠ ᠬᠦᠴᠦᠨ ᠢ ᠭᠦᠢᠴᠡᠳ ᠭᠡᠷᠡᠴᠢᠯᠡᠪᠡ᠃ ᠦᠽᠪᠧᠺᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠠᠮᠲᠤᠷᠠᠯᠴᠠᠭᠠᠨ ᠤ ᠰᠢᠷᠢᠰ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠢᠳᠡᠪᠬᠢᠲᠡᠢ ᠨᠠᠶᠢᠳᠠᠪᠤᠷᠢᠵᠢᠭᠤᠯᠤᠨ ᠠᠬᠢᠭᠤᠯᠤᠨ᠎ᠠ᠃ ᠨᠢᠳᠤᠨᠤᠨ ᠤ 5 ᠰᠠᠷ᠎ᠠ ᠳᠤ ᠰᠢ ᠠᠨ ᠤ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠨᠢ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠪᠠ ᠬᠥᠭᠵᠢᠯ ᠴᠡᠴᠡᠭᠯᠡᠯ ᠳᠤ ᠲᠡᠦᠬᠡᠲᠦ ᠠᠴᠢ ᠬᠤᠯᠪᠣᠭᠳᠠᠯ ᠲᠠᠢ ᠶᠤᠮ᠂ ᠦᠽᠪᠧᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠵᠢᠯᠴᠠᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠨᠠᠷᠢᠨ ᠪᠢᠴᠢᠭ ᠤᠨ ᠭᠠᠵᠠᠷ ᠢ ᠳᠠᠷᠤᠢ ᠲᠦᠷᠭᠡᠨ ᠪᠠᠶᠢᠭᠤᠯᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠨ᠎ᠠ᠃ ᠪᠢ ᠦᠽᠪᠧᠺᠰᠲ᠋ᠠᠨ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠭᠡᠵᠦ ᠢᠯᠡᠳᠬᠡᠪᠡ᠃    ᠬᠡᠯᠡᠯᠴᠡᠭᠡ ᠲᠡᠭᠦᠰᠦᠭᠰᠡᠨ ᠤ ᠲᠠᠷᠠᠭ᠋᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠦᠽᠪᠧᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠤᠳᠤᠯᠭ᠋᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠳᠤ ᠭᠠᠷ ᠤᠨ ᠦᠰᠦᠭ ᠵᠢᠷᠤᠵᠤ ᠨᠡᠶᠢᠲᠡᠯᠡᠬᠦ ᠶᠢᠨ ᠬᠠᠮᠲᠤ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ᠂ ᠬᠤᠯᠪᠣᠯᠳᠤᠨ ᠨᠡᠪᠲᠡᠷᠡᠯᠴᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠢᠷᠭᠡᠨᠰᠢᠯ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠬᠤ ᠶᠢ ᠵᠥᠪᠰᠢᠶᠡᠷᠡᠬᠦ᠂ ᠣᠷᠣᠨ ᠨᠤᠲᠤᠭ ᠵᠡᠷᠭᠡ ᠬᠦᠷᠢᠶᠡᠨ ᠤ ᠠᠯᠢ ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠳᠤᠨ ᠮᠢᠷᠵᠢᠶᠤᠤᠶ᠋ᠸᠧᠠ ᠶᠢ ᠤᠭᠲᠤᠬᠤ ᠶᠣᠰᠣᠯᠠᠯ ᠶᠠᠪᠤᠭᠤᠯᠪᠠ᠃    ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠦᠽᠪᠧᠺᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠮᠢᠷᠵᠢᠶᠤᠤᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃    ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠶᠡᠭᠡ ᠲᠢᠩᠬᠢᠮ ᠳᠤ ᠮᠢᠷᠵᠢᠶᠤᠤᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃    ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1