ᠥᠪᠥᠷ ᠮᠣᠩᠭᠤᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 4 ᠨᠡᠮᠡᠭᠳᠡᠪᠡ
ᠨᠡᠶᠢᠲᠡᠯᠡᠭᠰᠡᠨ ᠴᠠᠭ᠄
2024/1/29
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠥᠷᠪᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠢ ᠨᠡᠶᠢᠲᠡᠯᠡᠵᠦ᠂ ᠬᠠᠷ᠎ᠠ ᠤᠰᠤ᠂ ᠰᠢᠷᠭ᠎ᠠ ᠨᠠᠭᠤᠷ᠂ ᠥᠯᠵᠡᠶᠢᠮᠦ᠋ᠷᠡᠨ ᠭᠤᠣᠯ᠂ ᠵᠢᠩ ᠬᠤ᠋ ᠨᠠᠭᠤᠷ ᠵᠡᠷᠭᠡ 4 ᠨᠤᠭᠤ ᠭᠠᠵᠠᠷ ᠨᠡᠷᠡᠰ ᠲᠤ ᠵᠢᠭᠰᠠᠭᠠᠭᠳᠠᠵᠠᠢ᠃ ᠢᠩᠭᠢᠭᠡᠳ ᠥᠪᠥᠷ ᠮᠣᠩᠭᠤᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 63 ᠪᠣᠯᠪᠠ     ᠥᠪᠥᠷ ᠮᠣᠩᠭᠤᠯ ᠪᠣᠯ ᠨᠤᠭᠤ ᠭᠠᠵᠠᠷ ᠤᠨ ᠡᠬᠢ ᠪᠠᠶᠠᠯᠢᠭ ᠤᠨ ᠲᠣᠮᠣ ᠣᠷᠣᠨ ᠪᠣᠯᠣᠨ᠎ᠠ᠂ 2022 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠳ᠋ᠠᠶᠢᠲ᠋ᠠ ᠳᠤ ᠢᠯᠡᠷᠡᠭᠦᠯᠦᠭᠰᠡᠨ ᠢᠶᠠᠷ᠂ ᠪᠦᠬᠦ ᠣᠷᠣᠨ ᠤ ᠨᠤᠭᠤ ᠭᠠᠵᠠᠷ ᠤᠨ ᠲᠠᠯᠠᠪᠠᠢ 486.65 ᠲᠦᠮᠡᠨ ᠾᠧᠺᠲ᠋ᠠᠷ ︵ᠤᠰᠤᠨ ᠣᠷᠣᠨ ᠤ ᠲᠠᠯᠠᠪᠠᠢ ᠪᠠᠭᠲᠠᠨ᠎ᠠ︶ ᠪᠠᠶᠢᠵᠤ᠂ ᠪᠦᠬᠦ ᠤᠯᠤᠰ ᠲᠤ ᠲᠠᠪᠤᠳᠤᠭᠠᠷ ᠲᠤ ᠵᠢᠭᠰᠠᠭᠠᠭᠳᠠᠪᠠ᠃ ᠪᠥᠬᠦ ᠣᠷᠣᠨ ᠤ ᠨᠤᠭᠤ ᠭᠠᠵᠠᠷ ᠨᠢ ᠡᠬᠢ ᠪᠠᠶᠠᠯᠢᠭ ᠤᠨ ᠲᠥᠷᠥᠯ ᠵᠦᠢᠯ ᠣᠯᠠᠨ᠂ ᠣᠨᠴᠠᠯᠢᠭ ᠨᠢ ᠢᠯᠡ ᠲᠣᠳᠣ᠂ ᠠᠮᠢ ᠠᠬᠤᠢ ᠶᠢᠨ ᠦᠨ᠎ᠡ ᠥᠷᠲᠡᠭ ᠢᠶᠠᠷ ᠲᠣᠪᠤᠶᠢᠮ᠎ᠠ ᠪᠠᠶᠢᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠭᠤᠷ ᠠᠮᠢᠰᠬᠤᠯ ᠢ ᠵᠣᠬᠢᠴᠠᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠮᠢ ᠠᠬᠤᠢ ᠶᠢᠨ ᠴᠢᠳᠠᠮᠵᠢ ᠲᠠᠢ ᠴᠢᠬᠤᠯᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠶᠤᠮ᠃    ᠣᠯᠠᠨ ᠵᠢᠯ ᠤᠨ ᠲᠤᠷᠰᠢ᠂ ᠥᠪᠥᠷ ᠮᠣᠩᠭᠤᠯ ᠨᠤᠭᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠵᠤ᠂ ︽ᠥᠪᠥᠷ ᠮᠣᠩᠭᠤᠯ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠪᠠ ︽ᠥᠪᠥᠷ ᠮᠣᠩᠭᠤᠯ ᠤᠨ ᠴᠢᠬᠤᠯᠠ ᠨᠤᠭᠤ ᠭᠠᠵᠠᠷ ᠢ ᠬᠢᠨᠠᠨ ᠰᠢᠨᠵᠢᠬᠦ ᠮᠡᠷᠭᠡᠵᠢᠯ ᠤᠨ ᠳᠦᠷᠢᠮ︾ ᠭᠡᠬᠦ ᠬᠤᠶᠠᠷ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠨᠡᠶᠢᠲᠡᠯᠡᠨ᠂ ᠥᠪᠥᠷ ᠮᠣᠩᠭᠤᠯ ᠤᠨ ᠨᠤᠭᠤ ᠭᠠᠵᠠᠷ ᠤᠨ ᠣᠷᠣᠨ ᠨᠤᠲᠤᠭ ᠤᠨ ᠪᠠᠷᠢᠮᠵᠢᠶ᠎ᠠ ᠦᠭᠡᠢ ᠬᠤᠭᠤᠰᠤᠨ ᠢ ᠨᠥᠬᠦᠪᠦᠷᠢᠯᠡᠵᠦ᠂ ᠨᠤᠭᠤ ᠭᠠᠵᠠᠷ ᠢ ᠬᠠᠮᠠᠭᠠᠯᠠᠬᠤ ᠳᠦᠷᠢᠮ ᠤᠨ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠡᠭᠦᠨ ᠤ ᠬᠠᠮᠲᠤ ᠨᠤᠭᠤ ᠭᠠᠵᠠᠷ ᠢ ᠬᠢᠨᠠᠨ ᠬᠠᠮᠢᠶᠠᠷᠴᠤ ᠬᠠᠮᠠᠭᠠᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠎ ᠶᠢ ᠴᠢᠩᠭ᠎ᠠ ᠨᠠᠶᠢᠳᠠᠪᠤᠷᠢᠵᠢᠭᠤᠯᠤᠨ᠂ ᠨᠤᠭᠤ ᠭᠠᠵᠠᠷ ᠢ ᠲᠡᠰ ᠬᠤᠪᠢᠶᠠᠨ ᠬᠠᠮᠢᠶᠠᠷᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠪᠡ᠃ ᠣᠳᠣᠬᠠᠨ ᠳᠤ᠂ ᠪᠥᠬᠦ ᠣᠷᠣᠨ ᠳᠤ ᠳᠡᠯᠡᠬᠡᠢ ᠶᠢᠨ ᠴᠢᠬᠤᠯᠠ ᠨᠤᠭᠤ ᠭᠠᠵᠠᠷ 4᠂ ᠤᠯᠤᠰ ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ 63 ᠪᠣᠶ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1