ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/1/30
    1 ᠳ᠋ᠦ᠋ᠭᠡᠷ ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠠ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠳᠤ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠂ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠰᠢᠢᠳᠪᠦᠷᠢᠯᠡᠭᠴᠢ ᠴᠢᠨᠠᠷᠲᠠᠢ ᠪᠠᠲᠤᠯᠠᠭ᠎ᠠ ᠪᠣᠯᠬᠤ ᠶᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠬᠢᠨᠠᠮᠠᠭᠠᠢ ᠬᠡᠷᠡᠭᠯᠡᠵᠦ᠂ ︽ᠨᠠᠢᠮᠠ ᠶᠢ ᠪᠠᠷᠢᠮᠲᠠᠯᠠᠬᠤ︾᠎ ᠶᠢᠨ ᠠᠮᠢᠨ ᠰᠦᠨᠡᠰᠦ ᠪᠠ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠰᠠᠶᠢᠲᠤᠷ ᠠᠳᠬᠤᠬᠤ ᠬᠡᠷᠡᠭᠲᠡᠢ᠃ ︽ᠲᠠᠪᠤᠨ ᠶᠡᠭᠡ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ︽ᠵᠢᠷᠭᠤᠭᠠᠨ ᠢᠨᠵᠧᠨᠧᠷᠢᠩ︾᠎ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ᠂ ᠪᠦᠲᠦᠴᠡ ᠶᠢ ᠲᠣᠬᠢᠷᠠᠭᠤᠯᠬᠤ᠂ ᠲᠠᠪᠴᠠᠩ ᠢ ᠴᠢᠩᠭᠠᠳᠬᠠᠬᠤ ᠂ ᠲᠣᠭᠲᠠᠴᠠ ᠶᠢ ᠥᠭᠡᠷᠡᠴᠢᠯᠡᠬᠦ ᠳᠡᠭᠡᠷ᠎ᠡ ᠬᠦᠴᠦᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠲᠠᠴᠠ ᠶᠢᠨ ᠬᠦᠴᠦᠨ ᠢ ᠨᠡᠩ ᠰᠠᠶᠢᠲᠤᠷ ᠬᠡᠷᠡᠭᠯᠡᠵᠦ ᠪᠠᠶᠢᠭᠠᠳ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠲᠡᠢ᠃ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠦᠷᠭᠡᠪᠴᠢᠯᠡᠨ ᠰᠢᠢᠳᠪᠦᠷᠢᠯᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠭᠠᠷᠠᠭᠤᠯᠤᠨ ᠭᠠᠷᠭᠠᠬᠤ ᠶᠠᠪᠤᠳᠠᠯ ᠢ ᠠᠬᠢᠭᠤᠯᠬᠤ ᠬᠡᠷᠡᠭᠲᠡᠢ ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ ᠭᠡᠵᠡᠢ᠃    ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠤᠰᠠᠯᠠᠨ ᠦᠢᠯᠡᠴᠢᠯᠡᠬᠦ ᠬᠡᠷᠡᠭᠲᠡᠢ ᠭᠡᠵᠡᠢ᠃    ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠡᠳᠦᠷ ᠤᠳ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠴᠢᠩᠭ᠎ᠠ ᠠᠩᠬᠠᠷᠴᠤ ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠳᠣᠣᠷ᠎ᠠ ᠳᠤᠯᠠᠭᠠᠨ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠬᠦᠷᠢᠶ᠎ᠡ ᠡᠯ᠎ᠡ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠠᠷᠢᠨ ᠪᠣᠳᠠᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ᠤᠯᠤᠰ ᠤᠨ ᠢᠨᠵᠧᠨᠧᠷ ᠤᠨ ᠱᠠᠩᠨᠠᠯ︾᠎ ᠢ ᠠᠩᠬ᠎ᠠ ᠤᠳᠠᠭ᠎ᠠ ᠰᠢᠯᠭᠠᠷᠠᠭᠤᠯᠵᠤ ᠬᠥᠬᠢᠭᠦᠯᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠳᠠᠪᠤᠷᠢᠲᠠᠨ ᠳᠤ ᠶᠣᠰᠣᠷᠬᠠᠭ ᠬᠠᠨᠳᠤᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠳᠡᠭᠡᠳᠦ ᠲᠡᠰ ᠤᠨ ᠴᠢᠳᠠᠪᠤᠷᠢᠲᠠᠨ ᠪᠣᠯᠣᠨ ᠥᠨᠳᠥᠷ ᠪᠣᠯᠪᠠᠰᠤᠷᠠᠯ ᠲᠠᠢ ᠮᠡᠷᠭᠡᠵᠢᠯᠲᠡᠨ ᠢ ᠬᠠᠨᠳᠤᠯᠭᠠᠲᠤ ᠴᠢᠨᠠᠷᠲᠠᠢ ᠪᠠᠷ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠠᠮᠧᠷᠢᠺᠠ ᠶᠢᠨ ᠠᠶᠢᠤᠸᠠ ᠵᠧᠦ ᠶᠢᠨ ᠨᠠᠶᠢᠵᠢ ᠰᠠᠷᠠᠾ · ᠯᠠᠨᠳᠧ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠬᠤ ᠶᠢᠨ ᠬᠠᠮᠲᠤ ︽ᠬᠤᠶᠠᠷ ᠬᠤᠷᠠᠯ︾᠎ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠳᠤ ᠥᠪᠡᠷᠲᠡᠭᠡᠨ ᠵᠠᠰᠠᠬᠤ ᠣᠷᠣᠨ ᠤ 2023 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠰᠤᠳᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ︾᠎ ᠶᠢ ᠬᠢᠨᠠᠨ ᠵᠥᠪᠯᠡᠵᠦ᠂ ᠪᠥᠬᠦ ᠣᠷᠣᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃    ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1