ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢ 56.2 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/1/30
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ ᠬᠦᠴᠢᠷᠳᠡᠯᠲᠡᠢ ᠣᠯᠠᠨ ᠲᠦᠮᠡᠨ ᠤ ᠠᠮᠤᠷ ᠳᠥᠪᠰᠢᠨ ᠡᠪᠦᠯᠵᠢᠵᠦ᠂ ᠬᠠᠯᠠᠭᠤᠨ ᠳᠤᠯᠠᠭᠠᠨ ᠰᠢᠨᠡᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠮᠦᠨᠡᠬᠡᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ 56.2 ᠳ᠋ᠦᠩᠰᠢᠭᠤᠷ ᠲᠥᠭᠦᠷᠢᠭ ᠪᠠᠭᠤᠯᠭᠠᠪᠠ᠃    ᠲᠣᠰ ᠤᠳᠠᠭᠠᠨ ᠤ ᠪᠠᠭᠤᠯᠭᠠᠭᠰᠠᠨ ᠪᠡᠯᠡ ᠮᠥᠩᠭᠦ ᠨᠢ ᠪᠥᠬᠦ ᠣᠷᠣᠨ ᠤ ᠡᠯ᠎ᠡ ᠭᠠᠵᠠᠷ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠬᠤ ᠪᠣᠯᠣᠨ ᠲᠦᠷ ᠴᠠᠭ ᠲᠡᠩᠬᠡᠷᠡᠭᠦᠯᠦᠨ ᠲᠤᠰᠠᠯᠠᠬᠤ ᠪᠠ ᠲᠡᠨᠦᠭᠦᠯᠴᠢᠳ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ᠂ ᠥᠨᠥᠴᠢᠨ ᠬᠡᠤᠬᠡᠳ ︵ᠠᠶᠢᠽ ᠡᠪᠡᠳᠴᠢᠨ ᠲᠠᠢ ᠬᠡᠤᠬᠡᠳ ᠢ ᠪᠠᠭᠲᠠᠭᠠᠨ᠎ᠠ︶ ᠵᠢᠴᠢ ᠠᠰᠠᠷᠠᠭᠴᠢ ᠦᠭᠡᠢ ᠬᠡᠤᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠠᠵᠢᠯ ᠥᠷᠨᠢᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤ ᠨᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ ᠠᠮᠢᠳᠤᠷᠠᠯ ᠤᠨ ᠬᠦᠴᠢᠷᠳᠡᠯ ᠢ ᠨᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠯᠠ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠪᠥᠬᠦ ᠣᠷᠣᠨ ᠤ ᠡᠯ᠎ᠡ ᠭᠠᠵᠠᠷ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠠᠷ ᠤᠨ ᠡᠳᠦᠷ ᠤᠨ ᠬᠤᠭᠤᠴᠠᠭᠠᠨ ᠳᠠᠬᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠲᠠᠷᠬᠠᠭᠠᠵᠤ ᠂ ᠡᠯ᠎ᠡ ᠲᠥᠷᠥᠯ ᠤᠨ ᠪᠠᠲᠤᠯᠠᠭ᠎ᠠ ᠶᠢᠨ ᠡᠲᠡᠭᠡᠳ ᠤᠨ ᠬᠠᠯᠠᠭᠤᠨ ᠳᠤᠯᠠᠭᠠᠨ ᠡᠪ ᠨᠠᠶᠢᠷᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠲᠥᠯᠥᠭᠡ᠂ ᠲᠣᠰ ᠤᠳᠠᠭᠠᠨ ᠤ ᠪᠠᠭᠤᠯᠭᠠᠭᠰᠠᠨ ᠪᠠᠯᠠ ᠮᠥᠩᠭᠦ ᠶᠢ ᠪᠦᠬᠦᠨ ᠢ ᠰᠢᠭᠤᠳ ᠬᠦᠷᠬᠦ ᠪᠠᠯᠠ ᠮᠥᠩᠭᠦ ᠶᠢᠨ ᠬᠢᠨᠠᠨ ᠡᠵᠡᠮᠳᠡᠬᠦ ᠰᠢᠰᠲ᠋ᠧᠮ ᠳᠤ ᠣᠷᠣᠭᠤᠯᠵᠤ᠂ ᠪᠠᠯᠠ ᠮᠥᠩᠭᠦ ᠬᠤᠪᠢᠶᠠᠷᠢᠯᠠᠨ ᠥᠭᠬᠦ ᠶᠢ ᠮᠥᠷᠳᠡᠵᠦ ᠪᠣᠯᠬᠤ᠂ ᠬᠢᠨᠠᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠪᠠ ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠥᠬᠦ ᠣᠷᠣᠨ ᠤ ᠡᠯ᠎ᠡ ᠭᠠᠵᠠᠷ ᠢ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠤᠷᠢᠳᠴᠢᠯᠠᠨ ᠲᠠᠷᠬᠠᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1