ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠪᠠ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/1/30
    1 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠠᠷᠯᠠᠨ ᠮᠡᠳᠡᠭᠳᠡᠭᠰᠡᠨ ᠪᠥᠭᠡᠳ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠪᠤᠳᠤᠯ ᠪᠣᠯᠣᠨ ᠠᠵᠠ ᠬᠠᠷᠠᠬᠤ ᠪᠤᠳᠤᠯ ᠢ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ᠂ ᠤᠯᠠᠭᠠᠨ ᠱᠤᠭᠤᠮ᠂ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠲᠤᠷᠰᠢᠯᠭ᠎ᠠ ᠰᠤᠷᠭᠠᠮᠵᠢ ᠶᠢ ᠬᠢᠨᠠᠮᠠᠭᠠᠢ ᠳ᠋ᠦᠩᠨᠡᠵᠦ᠂ ︽ᠰᠣᠬᠤᠷ ᠪᠠᠯᠠᠢ ᠪᠠᠷ ᠪᠠᠶᠠᠰᠤᠩᠭᠤᠢ ᠰᠠᠭᠤᠵᠤ᠂ ᠠᠰᠠᠭᠤᠳᠠᠯ ᠢ ᠣᠯᠵᠤ ᠬᠠᠷᠠᠬᠤ ᠦᠭᠡᠢ︾᠂ ︽ᠪᠠᠶᠢᠴᠠᠭᠠᠯᠲᠠ ᠬᠢᠬᠦ ᠳᠤ ᠬᠠᠰᠢ ᠶᠠᠰᠢ ᠪᠠᠷ ᠥᠩᠭᠡᠷᠡᠭᠦᠯᠬᠦ᠂ ᠭᠡᠯᠪᠡᠷᠢ ᠶᠢᠨ ᠲᠡᠳᠦᠢ ᠬᠢᠬᠦ︾᠂ ︽ᠡᠩ ᠤᠨ ᠦᠶ᠎ᠡ ᠳᠤ ᠠᠳᠬᠤᠬᠤ ᠦᠭᠡᠢ᠂ ᠬᠡᠷᠡᠭ ᠤᠨ ᠲᠠᠷᠠᠭ᠎ᠠ ᠰᠠᠶ᠋ᠢ ᠠᠳᠬᠤᠬᠤ︾᠂ ︽ᠲᠡᠮᠦᠷ ᠵᠠᠮ ᠤᠨ ᠴᠠᠭᠳᠠᠭ᠎ᠠ᠂ ᠲᠤᠰ ᠲᠤᠰ ᠲᠠᠭᠠᠨ ᠨᠢᠭᠡ ᠬᠡᠰᠡᠭ ᠢ ᠬᠠᠮᠢᠶᠠᠷᠬᠤ︾᠂ ︽ᠦᠡᠭᠭᠡᠨ ᠲᠠᠯ᠎ᠠ ᠠᠴᠠ ᠨᠢ ᠵᠠᠰᠠᠬᠤ ᠶᠢ ᠢᠯᠡᠭᠦᠦ ᠬᠢᠵᠦ ᠦᠨᠳᠦᠰᠦ ᠠᠴᠠ ᠨᠢ ᠵᠠᠰᠠᠬᠤ ᠶᠢ ᠳᠤᠲᠠᠭᠤ ᠬᠢᠬᠦ︾᠂ ︽ᠤᠯᠠᠨ ᠢᠶᠠᠷ ᠢᠶᠠᠨ ᠠᠷᠭ᠎ᠠ ᠪᠤᠳᠤᠵᠤ ᠤᠯᠠᠨ ᠢᠶᠠᠷ ᠢᠶᠠᠨ ᠪᠠᠶᠢᠴᠠᠭᠠᠵᠤ ᠤᠯᠠᠨ ᠢᠶᠠᠷ ᠢᠶᠠᠨ ᠰᠡᠷᠭᠡᠶᠢᠯᠡᠬᠦ ᠪᠠᠷ ᠬᠦᠷᠦᠯᠴᠡᠬᠦ ᠦᠭᠡᠢ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠷ ᠢᠯᠠᠨ ᠳᠠᠪᠠᠭ᠋ᠤ ᠪᠠ ᠰᠡᠷᠭᠡᠶᠢᠯᠡᠬᠦ ᠬᠡᠷᠡᠭᠲᠡᠢ᠃ ︽ᠬᠡᠷᠡᠭ ᠭᠠᠷᠤᠭᠰᠠᠨ ᠤ ᠳᠠᠷᠠᠭ᠎ᠠ ᠬᠡᠳᠦᠢ ᠰᠠᠨᠠᠭᠠᠴᠢᠯᠠᠭ᠎ᠠ ᠠᠴᠠ ᠪᠠᠨ ᠬᠢᠭᠰᠡᠨ ᠴᠤ ᠰᠠᠨᠠᠭᠠᠴᠢᠯᠠᠭ᠎ᠠ ᠦᠭᠡᠢ ᠳᠤ ᠲᠣᠭᠠᠴᠠᠭᠳᠠᠨ᠎ᠠ᠂ ᠬᠡᠷᠡᠭ ᠭᠠᠷᠬᠤ ᠠᠴᠠ ᠡᠮᠦᠨ᠎ᠡ ᠬᠡᠳᠦᠢ ᠰᠠᠨᠠᠭᠠᠴᠢᠯᠠᠭ᠎ᠠ ᠦᠭᠡᠢ ᠬᠢᠭᠰᠡᠨ ᠴᠤ ᠰᠠᠨᠠᠭᠠᠴᠢᠯᠠᠭ᠎ᠠ ᠲᠠᠢ ᠳᠤ ᠲᠣᠭᠠᠴᠠᠭᠳᠠᠨ᠎ᠠ︾ ᠭᠡᠬᠦ ᠤᠬᠠᠮᠰᠠᠷ ᠢ ᠪᠤᠶ ᠪᠤᠯᠭᠠᠵᠤ᠂ ᠲᠡᠭ ᠠᠴᠠ ᠡᠬᠢᠯᠡᠨ ᠪᠠᠶᠢᠴᠠᠭᠠᠵᠤ᠂ ᠨᠠᠷᠢᠨ ᠬᠢᠨᠠᠮᠠᠭᠠᠢ ᠪᠠᠷ ︽ᠰᠢᠭᠰᠢᠭᠦᠷᠳᠡᠵᠤ︾᠂ ᠠᠶᠢᠮᠠᠭ ᠬᠤᠲᠠ ᠠᠯᠤᠰᠯᠠᠨ᠂ ᠬᠤᠰᠢᠭᠤ ᠰᠢᠶᠠᠨ ᠠᠯᠤᠰᠯᠠᠨ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠶᠢ ᠲᠤᠰᠬᠠᠶᠢᠵᠢᠭᠤᠯᠤᠨ᠂ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠦᠨᠡᠨ ᠬᠦ ᠪᠠᠶᠢᠴᠠᠭᠠᠵᠤ᠂ ᠠᠰᠠᠭᠤᠳᠠᠯ ᠢ ᠣᠨᠣᠪᠴᠢᠲᠠᠶ ᠪᠠᠶᠢᠴᠠᠭᠠᠬᠤ ᠶᠢ ᠪᠠᠲᠤᠯᠠᠬᠤ ᠬᠡᠷᠡᠭᠲᠡᠢ᠃ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠭᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠯᠡᠳᠡᠭᠳᠡᠵᠦ ᠪᠠᠶᠢᠭ᠎ᠠ ᠪᠤᠶ ᠪᠦᠬᠦᠢ ᠠᠰᠠᠭᠤᠳᠠᠯ ᠢ ᠬᠥᠳᠡᠯᠦᠩᠭᠦᠢ ᠪᠠᠷ ᠰᠢᠢᠳᠪᠦᠷᠢᠯᠡᠬᠦ᠂ ᠪᠦᠭᠦᠨ ᠢ ᠰᠢᠢᠳᠪᠦᠷᠢᠯᠡᠬᠦ ᠶᠢ ᠪᠠᠲᠤᠯᠠᠵᠤ᠂ ᠭᠡᠮ ᠰᠣᠭᠤᠭ ᠢ ᠠᠳᠡᠯ ᠪᠤᠯᠭᠠᠵᠤ ᠣᠬᠲᠣ ᠪᠤᠯᠬᠤ ᠦᠭᠡᠢ᠃ ᠳᠦᠷᠢᠮ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠤᠬᠠᠭᠤᠯᠭ᠎ᠠ ᠶᠢ ᠰᠠᠶᠢᠲᠤᠷ ᠠᠳᠬᠤᠵᠤ᠂ ︽ᠬᠥᠮᠥᠨ ᠪᠦᠭᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠭᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾᠎ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠨ᠎ᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠪᠦᠭᠦ ᠲᠠᠯ᠎ᠠ ᠪᠠᠷ ᠥᠷᠨᠢᠭᠦᠯᠵᠦ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠨᠠᠰᠤᠲᠠᠨ ᠢ ᠠᠰᠠᠷᠠᠬᠤ ᠬᠦᠷᠢᠶᠡᠯᠡᠩ᠂ ᠲᠣᠮᠣ ᠭᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠪᠣᠯᠪᠠᠰᠤᠷᠠᠯ ᠤᠨ ᠪᠠᠶᠢᠭᠤᠯᠤᠮᠵᠢ᠂ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠵᠡᠷᠭᠡ ᠲᠠᠯᠠᠪᠤᠷ ᠭᠠᠵᠠᠷ ᠤᠨ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠢᠯᠠᠩᠭᠤᠶ᠎ᠠ ᠡᠯ᠎ᠡ ᠲᠥᠷᠥᠯ ᠤᠨ ᠲᠠᠯᠠᠪᠤᠷ ᠭᠠᠵᠠᠷ ᠤᠨ ︽ᠠᠶᠤᠯ ᠠᠴᠠ ᠵᠠᠶᠢᠯᠠᠬᠤ ᠵᠠᠮ︾᠎ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠣᠯᠠᠨ ᠲᠦᠮᠡᠨ ᠢ ᠠᠮᠤᠷ ᠠᠮᠤᠭᠤᠯᠠᠩ ᠢᠶᠠᠷ ᠰᠢᠨᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠸᠠᠩ ᡁᠢ ᠴᠢᠶᠠᠩ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1