ᠰᠦᠨ ᠱᠤᠤ ᠴᠧᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/1/30
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠪᠡ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠹᠷᠣᠨᠲ ᠤᠨ ᠬᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ᠂ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ ᠭᠡᠵᠡᠢ᠃    1 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠬᠤᠷᠠᠯ ᠳᠡᠭᠡᠷ᠎ᠡ ᠰᠦᠨ ᠱᠤᠤ ᠴᠧᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠠ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯᠲᠠ ᠶᠢ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠲᠤ ᠪᠠᠬᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠤᠲᠤ ᠴᠣᠭᠴᠠᠯᠠᠬᠤ ᠲᠠᠯ᠎ᠠ ᠪᠠᠷ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠢᠯᠡᠳᠬᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠠᠢ᠃ ᠬᠤᠷᠠᠯ ᠠᠴᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ 2023 ᠣᠨ ᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1