ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/1/30
    1 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠳᠡᠳ᠋ ᠨᠡᠶᠢᠭᠡᠮᠯᠢᠭ ᠤᠨ ᠳᠠᠷᠤᠭ᠎ᠠ ᠰᠢᠦᠢ ᠰᠢᠶᠠᠨ ᠮᠢᠩ ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃    ᠰᠦᠨ ᠱᠤᠤ ᠴᠧᠩ᠂ ᠥᠪᠥᠷ ᠮᠣᠩᠭᠤᠯ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠤᠨ ᠡᠷᠲᠡ ᠬᠡᠷᠡᠭᠵᠢᠭᠦᠯᠦᠭᠰᠡᠨ ᠭᠠᠵᠠᠷ ᠣᠷᠣᠨ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ︾ ᠪᠤᠯᠬᠤ ᠴᠢᠬᠤᠯᠠ ᠶᠡᠭᠡ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠤᠨ ᠭᠠᠷᠭᠠᠭᠰᠠᠨ ᠭᠠᠵᠠᠷ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠪᠠᠯ ᠵᠣᠬᠢᠨ᠎ᠠ᠃ ᠡᠨᠡ ᠵᠢᠯ ᠪᠣᠯ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ 70 ᠵᠢᠯ ᠤᠨ ᠤᠢ ᠪᠣᠯᠣᠨ᠎ᠠ᠂ ᠪᠠᠰᠠ ᠴᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 40 ᠵᠢᠯ ᠤᠨ ᠤᠢ ᠪᠣᠯᠣᠨ᠎ᠠ᠃ ᠪᠢᠳᠡ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠶᠢᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢᠯᠠᠩᠭᠤᠶ᠎ᠠ ︽ᠬᠤᠶᠠᠷ ᠢ ᠤᠶᠠᠯᠳᠤᠭᠤᠯᠬᠤ︾᠎ ᠶᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠨᠡᠩ ᠰᠠᠶᠢᠲᠤᠷ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯᠣᠨ᠎ᠠ᠃ ᠪᠢᠳᠡ ᠶᠠᠮᠠᠷᠪᠠ ᠡᠷᠬᠡ ᠶᠢ ᠬᠡᠷᠡᠭᠵᠢᠭᠦᠯᠵᠦ᠂ ᠶᠠᠮᠠᠷᠪᠠ ᠡᠭᠦᠷᠭᠡ ᠶᠢ ᠭᠦᠢᠴᠡᠳᠬᠡᠬᠦ ᠳᠤ ᠴᠥᠮ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠵᠤ᠂ ᠨᠠᠮ ᠤᠨ ᠲᠥᠪ ᠬᠤᠷᠢᠶ᠎ᠠ ᠶᠢᠨ ᠵᠠᠷᠯᠢᠭ ᠢ ᠰᠠᠭᠠᠳ ᠦᠭᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠢ᠂ ᠶᠠᠮᠠᠷᠪᠠ ᠰᠢᠯᠲᠠᠭᠠᠨ ᠢᠶᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ ᠰᠣᠩᠭᠤᠯᠲᠠ ᠬᠢᠵᠦ ᠥᠭᠡᠷᠡᠲᠦᠭᠦᠯᠦᠨ ᠬᠤᠪᠢᠷᠠᠭᠤᠯᠵᠤ ᠶᠠᠭᠠᠬᠢᠭᠰᠠᠨ ᠴᠤ ᠪᠤᠯᠬᠤ ᠦᠭᠡᠢ᠂ ᠵᠠᠪᠠᠯ ᠲᠠᠷᠠ ᠬᠡᠪ ᠢᠶᠠᠷ ᠨᠢ ᠶᠠᠪᠤᠭᠳᠠᠭᠤᠯᠬᠤ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠬᠦ ᠶᠢᠨ ᠦᠨᠳᠦᠰᠦᠨ ᠵᠣᠷᠢᠯᠭ᠎ᠠ ᠪᠣᠯ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢᠨ ᠲᠥᠯᠥᠭᠡ ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠡᠨᠡ ᠬᠦ ᠦᠨᠳᠦᠰᠦᠲᠡᠨ ᠤ ᠪᠦᠯᠬᠦᠮᠳᠡᠯ ᠤᠨ ᠦᠨᠳᠦᠰᠦ ᠶᠢ ᠪᠠᠲᠤ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠦᠲᠦᠮᠵᠢᠲᠡᠢ ᠲᠤᠭᠤᠰᠢᠯᠠᠭᠤᠯᠬᠤ ᠠᠷᠭ᠎ᠠ ᠵᠠᠮ ᠪᠠ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠡᠯ᠎ᠡ ᠵᠦᠢᠯ ᠤᠨ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠦᠨᠡᠨ ᠬᠦ ᠪᠠᠶᠢᠩᠭᠤ ᠳᠡᠯᠭᠡᠷᠡᠭᠦᠯᠦᠨ᠂ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠪᠠᠶᠢᠩᠭᠤ ᠪᠠᠲᠤᠳᠬᠠᠵᠤ ᠡᠭᠦᠷᠢᠳᠡ ᠪᠠᠬᠢᠵᠢᠭᠦᠯᠬᠦ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠬᠡᠯᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1