ᠸᠠᠩ ᠯᠢ ᠰᠢᠶᠠ ︽ᠶᠢᠰᠦᠨ ᠵᠢᠵᠢᠭ ᠲᠠᠯᠠᠪᠤᠷ ᠭᠠᠵᠠᠷ︾ ᠪᠣᠯᠣᠨ ᠬᠥᠮᠥᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠠᠯᠳᠠᠭᠤᠷ ᠰᠤᠷᠪᠤᠯᠵᠢᠯᠠᠵᠤ ᠪᠠᠶᠢᠴᠠᠭᠠᠪᠠ
ᠨᠡᠶᠢᠲᠡᠯᠡᠭᠰᠡᠨ ᠴᠠᠭ᠄
2024/1/30
    1 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠳᠥᠷᠪᠡ ᠦᠭᠡᠢ ᠬᠤᠶᠠᠷ ᠰᠢᠭᠤᠳ︾ ᠭᠡᠯᠪᠡᠷᠢ ᠪᠠᠷ᠂ ᠭᠦᠭᠡᠬᠤᠲᠠ ᠳᠤ ︽ᠶᠢᠰᠦᠨ ᠵᠢᠵᠢᠭ ᠲᠠᠯᠠᠪᠤᠷ ᠭᠠᠵᠠᠷ︾ ᠪᠣᠯᠣᠨ ᠬᠥᠮᠥᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠠᠯᠳᠠᠭᠤᠷ ᠰᠤᠷᠪᠤᠯᠵᠢᠯᠠᠵᠤ ᠪᠠᠶᠢᠴᠠᠭᠠᠪᠠ᠃    ᠰᠢᠨ ᠹᠧᠩ ᠪᠤᠤ᠂ ᠯᠠᠨ ᠱᠢ ᠵᠢᠶᠧ ᠰᠦᠯᠵᠢᠶᠡᠨ ᠤ ᠪᠠᠭᠠᠷ ᠤᠨ ᠪᠠᠶᠢᠷᠢᠯᠠᠵᠤ ᠪᠠᠶᠢᠭ᠎ᠠ ᠬᠤᠳᠠᠯᠳᠤᠭᠠᠨ ᠳᠤ ᠬᠡᠷᠡᠭᠯᠡᠬᠦ ᠪᠠ ᠣᠷᠣᠨ ᠰᠠᠭᠤᠴᠠ ᠬᠤᠯᠢᠯᠳᠤᠭᠰᠠᠨ ᠠᠰᠠᠷ ᠲᠤ᠂ ᠸᠠᠩ ᠯᠢ ᠰᠢᠶᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠵᠦ ᠪᠠᠶᠢᠬᠤ ᠡᠰᠡᠬᠦ᠂ ᠠᠮᠤᠷ ᠲᠦᠪᠰᠢᠨ ᠤ ᠲᠡᠮᠳᠡᠭ ᠢᠯᠡᠷᠬᠡᠶᠢᠯᠡᠯ ᠵᠢᠷᠤᠮᠵᠢᠩᠭᠤᠢ ᠪᠥᠭᠡᠳ ᠢᠯᠡ ᠪᠠᠶᠢᠬᠤ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠰᠦᠯᠵᠢᠶᠡᠨ ᠤ ᠪᠠᠭᠠᠷ ᠡᠵᠡᠩᠨᠡᠬᠦ ᠶᠢᠨ ᠳᠠᠭᠠᠤ ᠪᠠᠷᠢᠯᠭ᠎ᠠ ᠶᠢᠨ ᠠᠵᠢᠯ ᠬᠢᠵᠦ ᠪᠠᠶᠢᠬᠤ᠂ ᠵᠠᠶᠢᠯᠠᠭᠤᠯᠤᠨ ᠲᠠᠷᠬᠠᠭᠠᠬᠤ ᠵᠠᠮ ᠪᠥᠭᠯᠡᠭᠳᠡᠵᠦ ᠡᠵᠡᠯᠡᠭᠳᠡᠭᠰᠡᠨ᠂ ᠴᠠᠭᠢᠯᠭᠠᠨ ᠤᠲᠠᠰᠤ ᠨᠢ ᠭᠠᠳᠠᠨ᠎ᠠ ᠢᠯᠡ ᠭᠠᠷᠴᠤ ᠪᠠᠶᠢᠬᠤ᠂ ᠤᠳᠤᠭ᠎ᠠ ᠶᠢ ᠰᠡᠷᠡᠵᠦ ᠲᠦᠭᠰᠢᠭᠦᠷᠢ ᠶᠢ ᠮᠡᠳᠡᠭᠡᠯᠡᠬᠦ ᠪᠠᠭᠠᠵᠢ ᠶᠢᠨ ᠠᠵᠢᠯᠯᠠᠭᠠᠨ ᠨᠢ ᠬᠡᠪ ᠤᠨ ᠪᠤᠰᠤ ᠪᠠᠶᠢᠬᠤ᠂ ᠰᠠᠯᠬᠢ ᠨᠡᠪᠲᠡᠷᠡᠭᠦᠯᠬᠦ ᠦᠷ᠎ᠡ ᠪᠦᠲᠦᠮᠵᠢ ᠨᠢ ᠠᠨᠠᠢ ᠪᠠᠶᠢᠬᠤ ᠵᠡᠷᠭᠡ ᠪᠠᠶᠢᠳᠠᠯ ᠢ ᠢᠯᠡᠷᠡᠭᠦᠯᠵᠦ᠂ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠬᠠᠷᠢᠭᠤᠴᠠᠯᠭᠠᠲᠠᠨ ᠳᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠬᠦᠨᠳᠦ ᠶᠡᠭᠡ ᠭᠠᠯ ᠤᠨ ᠭᠠᠮᠰᠢᠭ ᠠᠳᠡᠯ ᠠᠴᠠ ᠰᠤᠷᠭᠠᠮᠵᠢ ᠠᠪᠴᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠶᠠᠭᠠᠬᠢᠭᠰᠠᠨ ᠴᠤ ᠠᠰᠠᠭᠤᠳᠠᠯ ᠠᠳᠡᠯ ᠭᠠᠷᠴᠤ ᠪᠤᠯᠬᠤ ᠦᠭᠡᠢ ᠭᠡᠵᠦ ᠵᠠᠬᠢᠪᠠ᠃    ᠳᠠᠷᠠᠭ᠎ᠠ ᠨᠢ᠂ ᠸᠠᠩ ᠯᠢ ᠰᠢᠶᠠ ᠲᠤᠰ ᠠᠰᠠᠷ ᠤᠨ ᠠᠢ ᠵᠢᠶᠠ ᠪᠠᠭᠤᠳᠠᠯ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠡᠪᠳᠡᠷᠡᠭᠰᠡᠨ᠂ ᠵᠠᠶᠢᠯᠠᠭᠤᠯᠤᠨ ᠲᠠᠷᠬᠠᠭᠠᠬᠤ ᠵᠠᠮ ᠤᠨ ᠥᠷᠭᠡᠨ ᠤ ᠬᠡᠮᠵᠢᠶ᠎ᠡ ᠬᠦᠷᠦᠯᠴᠡᠬᠦ ᠦᠭᠡᠢ᠂ ᠴᠣᠩᠬᠤ ᠨᠢ ᠵᠠᠷ ᠮᠡᠳᠡᠭᠡᠨ ᠤ ᠫᠠᠶᠢᠰᠠ ᠳᠤ ᠬᠠᠯᠬᠠᠯᠠᠭᠳᠠᠵᠤ᠂ ᠲᠣᠭᠲᠠᠭᠠᠯ ᠠᠴᠠ ᠵᠥᠷᠢᠴᠡᠨ ᠠᠰᠠᠷ ᠢ ᠳᠠᠪᠬᠤᠷᠭ᠎ᠠ ᠨᠡᠮᠡᠵᠦ ᠪᠠᠶᠢᠭᠤᠯᠤᠭᠰᠠᠨ ᠵᠡᠷᠭᠡ ᠠᠰᠠᠭᠤᠳᠠᠯ ᠢ ᠢᠯᠡᠷᠡᠭᠦᠯᠪᠡ᠂ ᠲᠡᠷᠡ ᠳᠠᠭᠠᠵᠤ ᠶᠠᠪᠤᠭ᠎ᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠢ ᠠᠩᠭᠢ ᠶᠢᠨ ᠬᠠᠷᠢᠭᠤᠴᠠᠯᠭᠠᠲᠠᠨ ᠨᠥᠬᠦᠳ ᠲᠤ ᠠᠰᠠᠭᠤᠳᠠᠯ ᠤᠨ ᠭᠡᠮ ᠰᠣᠭᠤᠭ ᠤᠨ ᠨᠠᠷᠢᠨ ᠲᠠᠩᠰᠠ ᠶᠢ ᠱᠠᠯᠠᠪᠳᠠᠨ ᠡᠮᠬᠢᠯᠡᠵᠦ᠂ ᠪᠠᠭᠤᠳᠠᠯ ᠢ ᠴᠢᠩᠭ᠎ᠠ ᠠᠩᠬᠠᠷᠴᠤ ᠪᠠᠶᠢᠭᠠᠳ ᠱᠠᠭᠠᠷᠳᠠᠯᠭ᠎ᠠ ᠶᠣᠰᠣᠭᠠᠷ ᠲᠤᠭᠤᠰᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠲᠤᠰᠢᠶᠠᠪᠠ᠃    ᠭᠦᠭᠡᠬᠤᠲᠠ ᠶᠢᠨ ᠭᠦᠸᠧ ᠮᠣᠣ ᠬᠤᠳᠠᠯᠳᠤᠭᠠᠨ ᠤ ᠭᠠᠵᠠᠷ ᠲᠤ ᠬᠥᠮᠥᠨ ᠬᠠᠷ᠎ᠠ ᠤᠯᠠᠨ ᠴᠤᠭᠯᠠᠷᠠᠵᠤ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠸᠠᠩ ᠯᠢ ᠰᠢᠶᠠ ᠬᠤᠳᠠᠯᠳᠤᠭᠠᠨ ᠤ ᠡᠷᠦᠭᠡ᠂ ᠳᠡᠯᠭᠡᠭᠡ ᠬᠤᠳᠠᠯᠳᠤᠭ᠎ᠠ ᠪᠠᠷ ᠪᠠᠶᠢᠴᠠᠭᠠᠵᠤ᠂ ᠣᠶᠢᠷ᠎ᠠ ᠶᠢᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ᠂ ︽ᠭᠤᠷᠪᠠ ᠦᠭᠡᠢ︾ ᠴᠠᠭᠢᠯᠭᠠᠨ ᠬᠡᠷᠡᠭᠰᠡᠯ ᠢ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠪᠠᠶᠢᠳᠠᠯ᠂ ᠬᠤᠳᠠᠯᠳᠤᠭᠠᠨ ᠤ ᠡᠷᠦᠭᠡ ᠶᠢᠨ ᠴᠠᠭᠢᠯᠭᠠᠨ ᠬᠡᠷᠡᠭᠯᠡᠬᠦ ᠶᠢ ᠵᠢᠷᠤᠮᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠨᠠᠷᠢᠯᠢᠭ ᠠᠰᠠᠭᠤᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠢ ᠳᠠᠷᠤᠢ ᠳᠤᠨᠢ ᠵᠢᠭᠠᠨ ᠭᠠᠷᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠴᠠᠭᠢᠯᠭᠠᠨ ᠲᠤᠯᠠᠭᠠᠯᠠᠭᠤᠷ᠂ ᠴᠠᠭᠢᠯᠭᠠᠨ ᠡᠭᠦᠰᠬᠡᠭᠴᠢ ᠶᠢᠨ ᠤᠭᠯᠠᠭᠤᠷᠭ᠎ᠠ᠂ ᠵᠤᠤᠬ᠎ᠠ ᠶᠢᠨ ᠨᠡᠭᠡᠯᠡᠭᠡᠢ ᠵᠡᠷᠭᠡ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠸᠠᠩ ᠯᠢ ᠰᠢᠶᠠ ᠪᠠᠰᠠ ᠲᠤᠬᠠᠢ ᠶᠢᠨ ᠲᠠᠯᠠᠪᠠᠢ ᠳᠤ ᠭᠠᠯ ᠰᠡᠷᠭᠡᠶᠢᠯᠡᠬᠦ ᠡᠪᠬᠡᠮᠡᠯ ᠡᠭᠦᠳᠡ᠂ ᠤᠳᠤᠭ᠎ᠠ ᠶᠢ ᠰᠡᠷᠡᠵᠦ ᠲᠦᠭᠰᠢᠭᠦᠷᠢ ᠶᠢ ᠮᠡᠳᠡᠭᠡᠯᠡᠬᠦ ᠲᠥᠬᠦᠭᠡᠷᠦᠮᠵᠢ ᠶᠢ ᠬᠡᠷᠡᠭᠯᠡᠬᠦ ᠪᠠ ᠬᠤᠳᠠᠯᠳᠤᠭᠠᠨ ᠤ ᠬᠤᠲᠠ ᠶᠢᠨ ᠵᠢᠵᠢᠭ ᠭᠡᠯᠪᠡᠷᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠢ ᠪᠠᠶᠢᠴᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠬᠤ ᠰᠡᠳᠬᠢᠴᠡ ᠶᠢ ᠢᠯᠠᠨ ᠳᠠᠪᠠᠵᠤ᠂ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾᠎ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ ᠣᠷᠣᠨ ᠳᠤ ᠲᠥᠪᠯᠡᠷᠡᠭᠦᠯᠦᠨ ᠶᠡᠭᠡ ᠵᠢᠭᠰᠠᠭᠠᠨ ᠪᠠᠶᠢᠴᠠᠭᠠᠯᠲᠠ᠂ ᠶᠡᠭᠡ ᠪᠠᠷ ᠴᠡᠭᠴᠡᠯᠡᠨ ᠵᠠᠰᠠᠬᠤ᠂ ᠶᠡᠭᠡ ᠪᠠᠷ ᠢᠯᠡᠴᠢᠯᠡᠨ ᠮᠡᠳᠡᠭᠡᠯᠡᠬᠦ᠂ ᠶᠡᠭᠡ ᠰᠣᠷᠢᠯᠲᠠ᠂ ᠶᠡᠭᠡ ᠱᠠᠯᠠᠪᠳᠠᠭᠤᠯᠤᠨ ᠵᠢᠯᠤᠭᠤᠳᠬᠤ ᠠᠵᠢᠯᠯᠠᠭ᠎ᠠ ᠶᠢ ᠥᠷᠨᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠭᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂ ᠨᠢᠭᠡᠳ ᠨᠢᠭᠡ ᠪᠠᠷ ᠳᠠᠭᠠᠵᠤ ᠴᠡᠭᠴᠡᠯᠡᠨ ᠰᠠᠶᠢᠵᠢᠷᠠᠭᠤᠯᠵᠤ᠂ ᠳᠠᠷᠤᠯᠲᠠ ᠶᠢ ᠦᠨᠳᠦᠰᠦᠨ ᠱᠠᠲᠤᠨ ᠤ ᠡᠴᠦᠰ ᠤᠨ ᠴᠡᠭ ᠲᠤ ᠳᠠᠮᠵᠢᠭᠤᠯᠵᠤ᠂ ᠬᠦᠨᠳᠦ ᠶᠡᠭᠡ ᠠᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1