ᠥ᠋ ᠵᠢᠶᠠ ᠪᠠᠯᠭᠠᠰᠤ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢᠳ ᠢ ᠬᠥᠬᠢᠭᠦᠯᠦᠨ ᠰᠠᠶᠢᠰᠢᠶᠠᠵᠤ ᠦᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2024/1/5
    1 ᠰᠠᠷ᠎ᠠ ᠶᠢᠨ 2 ᠎ ᠤᠨ ᠡᠳᠦᠷ ᠂ ᠦ᠋ ᠵᠢᠶᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠵᠤ ᠰᠢᠨ᠎ᠡ ᠴᠠᠭ ᠦᠶ᠎ᠡ ᠳᠤ ᠦᠢᠯᠡᠴᠢᠯᠡᠶ᠎ᠡ ︾ ᠭᠡᠬᠦ ᠰᠢᠯᠢᠳᠡᠭ ᠰᠠᠶᠢᠨ ᠳᠤᠷ᠎ᠠ ᠶᠢᠨ ᠠᠵᠢᠯᠯᠠᠭᠰᠠᠳ ᠢ ᠬᠥᠬᠢᠭᠦᠯᠦᠨ ᠰᠠᠶᠢᠰᠢᠶᠠᠬᠤ ᠬᠤᠷᠠᠯ ᠶᠠᠪᠤᠭᠳᠠᠭᠤᠯᠪᠠ᠃
1_副本.jpg
       ᠬᠤᠷᠠᠯ ᠳᠡᠭᠡᠷ᠎ᠡ᠂ ᠲᠤᠰ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠠᠷᠢᠭᠤᠴᠠᠯᠭᠠᠲᠠᠨ ᠨᠢᠭᠡ ᠵᠢᠯ ᠤᠨ ᠲᠤᠷᠰᠢᠬᠢ ᠦ᠋ ᠵᠢᠶᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠠᠶᠢᠳᠠᠯ ᠢ ᠳ᠋ᠦᠩᠨᠡᠵᠦ ᠂ ᠰᠠᠶᠢᠨ ᠳᠤᠷ᠎ᠠ ᠶᠢᠨ ᠠᠵᠢᠯᠯᠠᠭᠴᠢᠳ ᠤᠨ ᠠᠵᠢᠯ ᠳᠤ ᠳᠡᠭᠡᠳᠦ ᠬᠡᠮᠵᠢᠶᠡᠨ ᠤ ᠦᠨᠡᠯᠡᠯᠲᠡ ᠪᠠ ᠭᠦᠢᠴᠡᠳ ᠨᠤᠲᠠᠯᠠᠯᠲᠠ ᠥᠭᠭᠦᠭᠰᠡᠨ ᠪᠥᠭᠡᠳ ᠰᠠᠶᠢᠨ ᠳᠤᠷ᠎ᠠ ᠶᠢᠨ ᠠᠵᠢᠯᠯᠠᠭᠴᠢᠳ ᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠥᠬᠦᠷᠡᠰᠢ ᠦᠭᠡᠢ ᠴᠢᠷᠮᠠᠶᠢᠵᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠰᠡᠳᠬᠢᠯᠭᠡ ᠪᠠ ᠠᠵᠢᠯᠯᠠᠭᠠᠨ ᠤ ᠬᠦᠴᠦᠨ ᠢᠶᠠᠨ ᠢᠮᠠᠭᠲᠠ ᠪᠠᠷᠢᠮᠲᠠᠯᠠᠵᠤ ᠂ ᠦ᠋ ᠵᠢᠶᠠ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ ᠃
2_副本.jpg
       ᠶᠡᠭᠡ ᠬᠤᠷᠠᠯ ᠠᠴᠠ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ ᠂ ᠰᠠᠶᠢᠨ ᠳᠤᠷ᠎ᠠ ᠶᠢᠨ ᠠᠵᠢᠯᠯᠠᠭᠴᠢᠳ ᠤᠨ ᠠᠵᠢᠯ ᠤᠨ ᠨᠠᠶᠢᠷᠠᠭᠤᠯᠭ᠎ᠠ ᠶᠢᠨ ᠸᠢᠳᠢᠤ᠋ ᠶᠢ ᠨᠠᠪᠲᠠᠷᠡᠭᠦᠯᠵᠦ ᠂ ᠰᠠᠶᠢᠨ ᠳᠤᠷ᠎ᠠ ᠶᠢᠨ ᠠᠵᠢᠯᠯᠠᠭᠴᠢᠳ ᠤᠨ ᠳᠤᠷᠠᠲᠠᠶ᠎ᠠ ᠬᠤᠪᠢ ᠨᠡᠮᠡᠷᠢ ᠦᠵᠡᠭᠦᠯᠬᠦ ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠳᠡᠯᠭᠡᠨ ᠦᠵᠡᠭᠦᠯᠵᠡᠢ ᠃ ᠡᠭᠦᠨ ᠤ ᠵᠡᠷᠭᠡ ᠳᠤ ᠰᠢᠯᠢᠳᠡᠭ ᠰᠠᠶᠢᠨ ᠳᠤᠷ᠎ᠠ ᠎ ᠶᠢᠨ  ᠠᠵᠢᠯᠯᠠᠭᠴᠢ ᠶᠢᠨ ᠲᠥᠯᠥᠭᠡᠯᠡᠭᠴᠢ ᠎ ᠠᠴᠠ ᠰᠠᠶᠢᠨ ᠳᠤᠷ᠎ᠠ ᠶᠢᠨ ᠠᠵᠢᠯᠯᠠᠭᠴᠢ ᠪᠣᠯᠤᠭᠰᠠᠨ ᠡᠨᠡ ᠨᠢᠭᠡ ᠵᠢᠯ ᠤᠨ ᠲᠤᠷᠰᠢᠬᠢ ᠣᠶᠢᠯᠠᠭᠠᠯᠲᠠ ᠲᠥᠷᠥᠭᠳᠡᠯ ᠎ ᠢᠶᠠᠨ ᠣᠯᠠᠨ ᠳᠤ ᠬᠤᠪᠢᠶᠠᠯᠴᠠᠭᠰᠠᠨ ᠪᠠᠶᠢᠨ᠎ᠠ᠃    ᠲᠣᠰ ᠤᠳᠠᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠳᠠᠮᠵᠢᠭᠤᠯᠤᠨ᠂ ᠰᠠᠶᠢᠨ ᠳᠤᠷ᠎ᠠ ᠶᠢᠨ ᠠᠵᠢᠯᠯᠠᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠢᠳᠡᠪᠬᠢᠵᠢᠯ ᠢ ᠳᠡᠭᠡᠭᠰᠢᠯᠡᠭᠦᠯᠵᠦ ᠂ ᠨᠡᠶᠢᠲᠡ ᠶᠢᠨ ᠠᠰᠠᠷᠠᠮᠵᠢ ᠶᠢᠨ ᠬᠠᠶᠢᠷ᠎ᠠ ᠬᠠᠯᠠᠮᠵᠢ ᠶᠢᠨ ᠦᠢᠯᠡᠰ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠥᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠵᠤ᠂ ᠨᠠᠩ ᠣᠯᠠᠨ ᠬᠥᠮᠥᠰ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠤᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1