ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠶᠢᠰᠦᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/8
   
1_副本.jpg
       1 ᠰᠠᠷ᠎ᠠ ᠶᠢᠨ 5᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠶᠢᠰᠦᠳᠦᠭᠡᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ᠂ ᠢᠦᠢ ᠽᠦᠸᠧ ᠬᠤᠸ᠂ ᠳ᠋ᠢᠩ ᠰᠢᠶᠣᠣ ᠢᠦᠢ᠂ ᠯᠢᠦ ᠯᠢᠩ ᠶᠠᠨ᠂ ᠨᠠᠷᠢᠨ ᠪᠢᠴᠢᠭ ᠤᠨ ᠳᠠᠷᠤᠭ᠎ᠠ ᠭᠤᠸ ᠢ ᠵᠢᠶᠠᠩ ᠵᠢᠴᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠯ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ  ᠎ ᠨᠢ ︽ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠶᠠᠷᠢᠶ᠎ᠠ ︾ ᠎ ᠶᠢ ᠰᠤᠷᠤᠯᠴᠠᠪᠠ ︔ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠭᠠᠰᠢᠬᠢ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠦᠯᠦᠯᠲᠡ ᠶᠢ ᠰᠣᠨᠤᠰᠪᠠ︔ ᠲᠣᠭᠤᠷᠢᠭ ‍ᠤᠨ‌ᠤᠯᠤᠰ ᠳᠣᠷᠣ ᠶᠢᠨ ᠵᠥᠪᠯᠡᠯᠭᠡᠨ ᠤ ᠱᠠᠨ ᠰᠢ ᠮᠤᠵᠢ ᠶᠢᠨ ᠵᠢᠨᠵᠦ᠋ᠩ ᠬᠤᠳᠠ ᠶᠢᠨ ᠎ ᠲᠠᠢ ᠭᠦ᠋ ᠲᠣᠭᠤᠷᠢᠭ ᠵᠡᠷᠭᠡ ᠭᠠᠵᠠᠷ ᠲᠤ ᠬᠦᠷᠴᠦ ᠰᠤᠷᠤᠯᠴᠠᠵᠤ ᠪᠠᠶᠢᠴᠠᠭᠠᠯᠲᠠ ᠬᠢᠭᠰᠡᠨ ᠮᠡᠳᠡᠭᠦᠯᠦᠯᠲᠡ ᠶᠢ ᠵᠥᠪᠳᠡᠯᠴᠡᠨ ᠶᠠᠷᠢᠯᠴᠠᠪᠠ ︔ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠪᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠬᠤᠯᠪᠣᠭᠳᠠᠯ ᠪᠦᠬᠦᠢ ᠶᠠᠪᠤᠳᠠᠯ ᠤᠳ ᠢ ᠬᠢᠨᠠᠨ ᠶᠠᠷᠢᠯᠴᠠᠵᠤ ᠪᠠᠲᠤᠯᠠᠪᠠ ᠃    ᠸᠠᠩ ᠵᠧᠨ ᠯᠢᠶᠠᠩ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠪᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠃ ᠲᠡᠷᠡ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ ᠂ ᠭᠡᠰᠢᠭᠦᠳ ᠤᠨ ᠢᠷᠠᠭᠤ ᠠᠯᠳᠠᠷ ᠢ ᠨᠠᠨᠳᠢᠩᠨᠠᠵᠤ ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠂ ᠨᠡᠶᠢᠭᠡᠮ ᠤᠨ ᠬᠦᠰᠡᠯ ᠱᠠᠭᠠᠷᠳᠠᠯᠭ᠎ᠠ ᠶᠢ ᠣᠷᠣᠯᠠᠨ ᠥᠭᠦᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠣᠰ ᠪᠡᠶ᠎ᠡ ᠶᠢᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠨᠠᠷᠢᠨ ᠪᠣᠳᠠᠲᠠᠢ ᠪᠠᠶᠢᠴᠠᠭᠠᠨ ᠰᠤᠳᠤᠯᠤᠯᠲᠠ᠂ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠮᠡᠳᠡᠯᠭᠡ᠂ ᠬᠡᠷᠡᠭᠵᠢᠭᠦᠯᠵᠦ ᠪᠣᠯᠬᠤᠶᠢᠴᠠ ᠰᠠᠨᠠᠯ ᠳᠤᠷᠠᠳᠤᠯᠭ᠎ᠠ ᠎ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ ᠃    ᠸᠠᠩ ᠵᠧᠨ ᠯᠢᠶᠠᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠤᠨ ᠬᠤᠷᠠᠯ ᠪᠣᠯ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠬᠠᠮᠤᠭ ᠤᠨ ᠳᠡᠭᠡᠳᠦ ᠬᠡᠯᠪᠡᠷᠢ ᠮᠥᠨ᠃ ᠬᠤᠷᠠᠯ ᠳᠤ ᠣᠷᠣᠯᠴᠠᠭᠰᠠᠨ ᠪᠥᠬᠦ ᠬᠥᠮᠥᠰ ᠪᠥᠬᠦ ᠭᠡᠰᠢᠭᠦᠳ ᠤᠨ ᠬᠤᠷᠠᠯ ᠢ ᠰᠠᠶᠢᠲᠤᠷ ᠬᠤᠷᠠᠯᠳᠤᠭᠤᠯᠬᠤ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠭᠤᠣᠯᠳᠠᠯᠭ᠎ᠠ ᠪᠠ ᠭᠤᠣᠯ ᠣᠶᠤᠨ ᠴᠢᠳᠠᠯ ᠢᠶᠠᠨ ᠪᠥᠬᠦ ᠭᠡᠰᠢᠭᠦᠳ ᠤᠨ ᠬᠤᠷᠠᠯ ᠤᠨ ᠪᠡᠯᠡᠳᠬᠡᠯ ᠠᠵᠢᠯ ᠳᠡᠭᠡᠷ᠎ᠡ ᠲᠥᠪᠯᠡᠷᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠷᠠᠯ ᠤᠨ ᠮᠠᠲ᠋ᠧᠷᠢᠶᠠᠯ ᠤᠨ ᠪᠣᠭᠤᠮᠲᠠ᠂ ᠰᠠᠨᠠᠯ ᠳᠤᠷᠠᠳᠤᠯᠭ᠎ᠠ ᠶᠢ ᠴᠤᠭᠯᠠᠭᠤᠯᠤᠨ ᠪᠢᠴᠢᠬᠦ ᠪᠣᠭᠤᠮᠲᠠ ᠪᠠ ᠬᠤᠷᠠᠯ ᠤᠨ ᠶᠠᠪᠤᠳᠠᠯ ᠤᠨ ᠦᠢᠯᠡᠴᠢᠯᠡᠭᠡᠨ ᠤ ᠪᠣᠭᠤᠮᠲᠠ ᠶᠢ ᠰᠠᠶᠢᠲᠤᠷ ᠠᠳᠬᠤᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ ᠠᠮᠵᠢᠯᠲᠠ ᠲᠠᠢ ᠡᠷᠭᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1