ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠰᠢᠶᠠᠩ ᠶᠠᠩ ᠤᠨ ᠬᠤᠶᠢᠲᠤ ᠠᠭᠤᠯᠠ ᠶᠢᠨ ᠣᠶ ᠰᠢᠭᠤᠶ ᠶᠢᠨ ᠬᠠᠮᠠᠭᠠᠯᠠᠯᠲᠠ ᠶᠢᠨ ᠠᠵᠢᠯᠯᠠᠬᠤ ᠵᠠᠮ ᠤᠨ ᠲᠥᠷᠥᠯ ᠵᠦᠢᠯ ᠤᠨ ᠲᠦᠷ ᠬᠡᠷᠡᠭᠯᠡᠬᠦ ᠭᠠᠵᠠᠷ ᠤᠨ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2024/10/14
ᠶᠤᠸᠠᠨ ᠪᠣᠣ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠰᠢᠶᠠᠩ ᠶᠠᠩ ᠲᠤᠰᠬᠤᠨ ᠤ ᠠᠷᠠᠳ ᠤᠨ ᠵᠥᠪᠯᠡᠯ ᠳᠤ᠄    ᠲᠠᠨ ᠤ ᠲᠣᠰᠬᠤᠨ ᠤ ︽ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠰᠢᠶᠠᠩ ᠶᠠᠩ ᠤᠨ ᠬᠤᠶᠢᠲᠤ ᠠᠭᠤᠯᠠ ᠶᠢᠨ ᠣᠶ ᠰᠢᠭᠤᠶ ᠶᠢᠨ ᠬᠠᠮᠠᠭᠠᠯᠠᠯᠲᠠ ᠶᠢᠨ ᠠᠵᠢᠯᠯᠠᠬᠤ ᠵᠠᠮ ᠤᠨ ᠲᠥᠷᠥᠯ ᠵᠦᠢᠯ ᠤᠨ ᠲᠦᠷ ᠬᠡᠷᠡᠭᠯᠡᠬᠦ ᠭᠠᠵᠠᠷ ᠤᠨ ᠲᠤᠬᠠᠶ ᠡᠷᠡᠮᠡᠯᠵᠡᠯᠡᠯ ︾᠎ ᠢ ᠬᠤᠷᠢᠶᠠᠮᠵᠢᠯᠠᠨ ᠣᠶᠢᠯᠠᠭᠠᠪᠠ᠂ ᠡᠳᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠣᠳᠤᠯᠬᠤ ᠪᠠᠷ ᠳᠠᠮᠵᠢᠨ ᠳᠣᠤᠷᠠᠬᠢ ᠮᠡᠲᠦ ᠴᠣᠬᠤᠯᠠᠪᠤᠷᠢᠯᠠᠪᠠ᠄    ᠨᠢᠭᠡ᠂ ᠲᠠᠨ ᠤ ᠲᠣᠰᠬᠤᠨ ᠫᠢᠩᠵᠤᠸᠠᠩ ᠪᠠᠯᠭᠠᠰᠤᠨ ᠤ ᠴᠢᠩ ᠱᠠᠨ ᠲᠣᠰᠬᠤᠨ᠂ ᠮᠤᠬᠤᠷ ᠭᠤᠣᠯ ᠪᠠᠯᠭᠠᠰᠤᠨ ᠤ ᠰᠧ ᠵᠢᠶᠠ ᠲᠣᠰᠬᠤᠨ ᠤ ᠨᠡᠶᠢᠲᠡ 2.0076 ᠾᠧᠺᠲ᠋ᠠᠷ ᠬᠠᠮᠲᠤ ᠶᠢᠨ ᠭᠠᠵᠠᠷ ᠰᠢᠷᠣᠢ ᠶᠢ ᠣᠢ ᠰᠢᠭᠤᠢ ᠶᠢᠨ ᠬᠠᠮᠠᠭᠠᠯᠠᠯᠲᠠ ᠶᠢᠨ ᠠᠵᠢᠯᠯᠠᠬᠤ ᠵᠠᠮ ᠤᠨ ᠲᠦᠷ ᠴᠠᠭ ᠤᠨ ᠬᠡᠷᠡᠭᠯᠡᠬᠦ ᠭᠠᠵᠠᠷ ᠪᠣᠯᠭᠠᠬᠤ ᠶᠢ ᠵᠥᠪᠰᠢᠶᠡᠷᠡᠪᠡ᠃    ᠬᠤᠶᠠᠷ᠂ ᠲᠠᠨ ᠤ ᠲᠣᠰᠬᠤᠨ ᠡᠷᠬᠡᠪᠰᠢ ᠵᠥᠪᠰᠢᠶᠡᠷᠡᠭᠰᠡᠨ ᠣᠷᠣᠨ ᠪᠠᠶᠢᠷᠢ᠂ ᠲᠠᠯᠠᠪᠠᠢ᠂ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠲᠦᠷ ᠴᠠᠭ ᠬᠡᠷᠡᠭᠯᠡᠬᠦ ᠭᠠᠵᠠᠷ ᠳᠡᠭᠡᠷ᠎ᠡ ᠥᠨᠢᠳᠡ ᠶᠢᠨ ᠴᠢᠨᠠᠷᠲᠠᠢ ᠪᠠᠷᠢᠯᠭ᠎ᠠ ᠪᠠᠶᠢᠭᠤᠯᠵᠤ ᠪᠣᠯᠬᠤ ᠦᠭᠡᠢ᠃    ᠭᠤᠷᠪᠠ᠂ ᠲᠦᠷ ᠴᠠᠭ ᠬᠡᠷᠡᠭᠯᠡᠬᠦ ᠭᠠᠵᠠᠷ ᠤᠨ ᠬᠤᠭᠤᠴᠠᠭ᠎ᠠ ᠨᠢ 2024 ᠣᠨ ᠤ 9 ᠰᠠᠷ᠎ᠠ ᠶᠢᠨ 12᠎ ᠤᠨ ᠡᠳᠦᠷ ᠠᠴᠠ ᠡᠬᠢᠯᠡᠵᠥ᠂ 2026 ᠣᠨ ᠤ 9 ᠰᠠᠷ᠎ᠠ ᠶᠢᠨ 12᠎ ᠤᠨ ᠡᠳᠦᠷ ᠳᠠᠭᠤᠰᠤᠨ᠎ᠠ᠃    ᠳᠥᠷᠪᠡ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠡᠷᠬᠡᠪᠰᠢ ᠭᠠᠵᠠᠷ ᠰᠢᠷᠣᠶ ᠶᠢᠨ ᠤᠤᠯ ᠳᠦᠷᠰᠦ ᠪᠠᠶᠢᠳᠠᠯ ᠢ ᠰᠡᠷᠭᠦᠭᠡᠬᠦ ᠬᠡᠷᠡᠭᠲᠡᠶ᠃    ᠲᠠᠪᠤ᠂ ᠭᠦᠢᠴᠡᠳᠬᠡᠭᠡᠳᠦᠶ ᠶᠠᠪᠤᠳᠠᠯ ᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠥᠨ᠎ᠡ᠃               ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ            ᠎ ᠤ ᠶᠤᠸᠠᠨ ᠪᠤᠤ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ                   2024 ᠣᠨ ᠤ 9 ᠰᠠᠷ᠎ᠠ ᠶᠢᠨ 12᠎ ᠤᠨ ᠡᠳᠦᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1