ᠨᠢᠭᠡ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠬᠤᠷᠠᠯ ᠠᠴᠠ᠂ ︽ᠲᠠᠪᠤᠨ ᠶᠡᠭᠡ ᠡᠭᠦᠷᠭᠡ︾ ᠪᠣᠯ ᠪᠦᠬᠦ ᠲᠣᠭᠤᠷᠢᠭ ᠤᠨ ᠡᠷᠬᠡᠪᠰᠢ ᠡᠭᠦᠷᠭᠡᠯᠡᠬᠦ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠪᠣᠯᠬᠤ ᠪᠥᠭᠡᠳ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠯᠭᠠᠰᠤ | ᠰᠢᠶᠠᠩ ᠵᠡᠭᠡᠯᠢ ᠭᠤᠳᠤᠮᠵᠢ ᠶᠢᠨ ᠬᠢᠨ ᠵᠢᠯ ᠤᠨ ᠡᠬᠢᠨ ᠠᠴᠠ ᠨᠠᠭᠠᠰᠢᠬᠢ ᠠᠵᠢᠯ ᠤᠨ ᠦᠷ᠎ᠡ ᠪᠦᠲᠦᠭᠡᠯ ᠢᠶᠠᠨ ᠤᠯᠠᠮ | ᠴᠢᠨᠠᠭᠰᠢᠳᠠ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠲᠠᠢ | ᠬᠠᠷᠭᠤᠭᠤᠯᠵᠤ᠂ ᠲᠤᠰ ᠲᠤᠰ ᠤᠨ ᠬᠦᠷᠢᠶᠡᠨ ᠳᠠᠬᠢ ᠳᠤᠲᠠᠭᠤᠳᠠᠯ ᠪᠠᠭᠤᠷᠠᠢ ᠲᠠᠯ᠎ᠠ ᠪᠠᠨ ᠰᠢᠰᠲ᠋ᠧᠮ ᠲᠠᠢ ᠨᠠᠷᠢᠨ | ᠬᠢᠨᠠᠮᠠᠭᠠᠢ ᠡᠮᠬᠢᠯᠡᠵᠦ᠂ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠡᠯ᠎ᠡ ᠵᠦᠢᠯ ᠤᠨ ᠨᠠᠷᠢᠨ ᠲᠠᠩᠰᠠ ᠶᠢᠨ ᠡᠭᠦᠷᠭᠡ | ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠲᠠᠪᠤᠨ ᠶᠡᠭᠡ ᠡᠭᠦᠷᠭᠡ︾ ᠶᠢᠨ | ᠠᠵᠢᠯ ᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠶᠠᠷ᠂ ︽ᠵᠢᠷᠭᠤᠭᠠᠨ ᠢᠨᠵᠧᠨᠧᠷᠢᠩ︾ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠡᠯ᠎ᠡ ᠪᠠᠯᠭᠠᠰᠤ ᠰᠢᠶᠠᠩ ᠵᠡᠭᠡᠯᠢ | ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠣᠯᠤᠨ ᠴᠠᠭ ᠤᠨ ᠳᠠᠷᠠᠭᠠᠯᠠᠯ ᠤᠨ ᠠᠬᠢᠴᠠ ᠲᠠᠢ ᠨᠠᠷᠢᠨ | ᠬᠢᠨᠠᠮᠠᠭᠠᠢ ᠬᠠᠷᠭᠤᠭᠤᠯᠵᠤ᠂ ᠵᠠᠯᠭᠠᠮᠵᠢ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠥᠷᠢᠳᠬᠡᠨ ᠡᠮᠬᠢᠯᠡᠨ | ᠨᠠᠷᠢᠯᠢᠭᠵᠢᠭᠤᠯᠵᠤ᠂ ᠴᠠᠭ ᠤᠨ ᠲᠠᠩᠰᠠ᠂ ᠡᠭᠦᠷᠭᠡ ᠶᠢᠨ ᠲᠠᠩᠰᠠ᠂ ᠠᠬᠢᠴᠠ ᠶᠢᠨ ᠲᠠᠩᠰᠠ ᠶᠢ ᠰᠠᠶᠢᠲᠤᠷ ᠪᠤᠳᠤᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ | ᠂ ᠵᠢᠷᠤᠭ ᠡᠯᠭᠦᠨ ᠠᠵᠢᠯᠯᠠᠵᠤ᠂ ᠡᠯ᠎ᠡ ᠵᠦᠢᠯ ᠤᠨ ᠢᠨᠵᠧᠨᠧᠷᠢᠩ ᠤᠨ ᠲᠣᠭᠲᠠᠭᠰᠠᠨ ᠴᠠᠭ ᠬᠤᠭᠤᠴᠠᠭᠠᠨ ᠤ ᠴᠡᠭ | ᠶᠣᠰᠣᠭᠠᠷ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |