ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 10 ᠰᠠᠷ᠎ᠠ ᠶᠢᠨ 23 ᠤ ᠴᠠᠭᠢᠯᠭᠠᠨ ᠮᠡᠳᠡᠭᠡ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ᠄ ᠨᠢᠢ ᠰᠧ ᠢ ᠬᠤ᠋ ᠰᠢᠶᠣᠣ ᠭᠤᠸᠠᠩ︶ ᠲᠤᠬᠠᠢ ᠶᠢᠨ ᠭᠠᠵᠠᠷ ᠤᠨ ᠴᠠᠭ ᠢᠶᠠᠷ 10 | ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ | ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ | ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ | ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ | ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ | ᠫᠧᠽᠧᠱᠺᠢᠶᠠᠨ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ | ᠶᠡᠷᠦᠩᠬᠡᠶᠢᠯᠡᠭᠴᠢ ᠮᠦᠬᠠᠨᠮᠦᠳ᠋ ᠨᠠᠷ ᠣᠷᠣᠯᠴᠠᠵᠠᠢ᠃ | ᠰᠢ ᠶᠢᠨ ᠫᠢᠩ ᠡᠩ ᠲᠡᠷᠢᠭᠦᠨ ᠳᠤ ᠪᠠᠭ᠎ᠠ ᠬᠡᠪᠴᠢᠶᠡᠨ ᠤ ᠬᠤᠷᠠᠯ ᠳᠤ ᠣᠷᠣᠯᠴᠠᠪᠠ᠃ | | | | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ | ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ | ᠣᠷᠣᠯᠴᠠᠵᠠᠢ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ | ᠬᠤᠸᠠᠨ ᡂᠢ ᠰᠡᠭᠦᠳᠡᠷᠯᠡᠪᠡ | | | | ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 23 ᠤ ᠦᠳᠡ ᠶᠢᠨ ᠡᠮᠦᠨ᠎ᠡ᠂ ᠠᠯᠳᠠᠨ ᠲᠣᠭᠤᠰᠭ᠋᠎ᠠ | ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠺᠠᠽᠠᠨ ᠤ ᠬᠤᠷᠠᠯ | ᠦᠵᠡᠰᠭᠦᠯᠡᠩ ᠤᠨ ᠲᠥᠪ ᠲᠤ ᠶᠠᠪᠤᠭᠳᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ ᠠᠭᠤᠯᠵᠠᠯᠲᠠ ᠶᠢ ᠡᠷᠭᠢᠯᠡᠪᠡ᠃ | ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠪᠷᠠᠽᠢᠯ ᠤᠨ ᠶᠡᠷᠦᠩᠬᠡᠶᠢᠯᠡᠭᠴᠢ ᠯᠦᠯᠠ ︵ | ᠰᠦᠯᠵᠢᠶ᠎ᠡ ᠪᠠᠷ︶᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠡᠸ᠋ᠽᠢᠤᠫᠢᠶ᠎ᠠ ᠶᠢᠨ ᠶᠡᠷᠦᠩᠬᠡᠢ ᠰᠠᠶᠢᠳ ᠠᠪᠢ᠂ | ᠡᠨᠡᠳᠬᠡᠭ ᠤᠨ ᠶᠡᠷᠦᠩᠬᠡᠢ ᠰᠠᠶᠢᠳ ᠮᠦᠸᠧᠳᠢ᠂ ᠢᠷᠡᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ | ᠶᠡᠷᠦᠩᠬᠡᠶᠢᠯᠡᠭᠴᠢ ᠯᠠᠮᠠᠹᠦ᠋ᠰᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠮᠦᠬᠠᠨᠮᠦᠳ᠋ ᠨᠠᠷ | ᠣᠷᠣᠯᠴᠠᠵᠠᠢ᠃ ᠵᠢᠷᠤᠭ ᠪᠣᠯ ᠠᠭᠤᠯᠵᠠᠯᠲᠠ ᠶᠢᠨ ᠬᠤᠭᠤᠴᠠᠭᠠᠨ ᠳᠤ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ | ᠬᠥᠮᠥᠰ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ | ᠷᠧᠨ ᠰᠡᠭᠦᠳᠡᠷᠯᠡᠪᠡ | | ᠰᠢ ᠶᠢᠨ ᠫᠢᠩ ᠰᠢᠨ᠎ᠡ ᠪᠦᠷᠢᠯᠳᠦᠭᠦᠨ ᠨᠠᠷ ᠤᠨ ᠠᠯᠳᠠᠨ ᠲᠣᠭᠤᠰᠭ᠋᠎ᠠ ᠤᠯᠤᠰ ᠤᠳ ᠤᠨ ᠶᠡᠭᠡ ᠭᠡᠷ ᠪᠦᠯᠢ ᠳᠤ | ᠣᠷᠣᠯᠴᠠᠬᠰᠠᠨ ᠵᠢᠴᠢ ᠠᠷᠪᠢᠨ ᠤᠯᠤᠰ ᠢ ᠤᠷᠢᠵᠤ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠣᠯᠤᠭᠰᠠᠨ ᠢ | ᠪᠠᠶᠠᠷᠯᠠᠨ ᠤᠭᠲᠤᠪᠠ᠃ ᠰᠢ ᠶᠢᠨ ᠫᠢᠩ᠂ ᠪᠦᠷᠢᠯᠳᠦᠭᠦᠨ ᠢᠶᠠᠨ ᠥᠷᠭᠡᠳᠬᠡᠬᠦ ᠪᠣᠯ ᠠᠯᠳᠠᠨ ᠲᠣᠭᠤᠰᠭ᠋᠎ᠠ ᠤᠯᠤᠰ ᠤᠳ ᠤᠨ | ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠬᠥᠰᠢᠶ᠎ᠡ ᠲᠡᠮᠳᠡᠭ ᠪᠣᠯᠣᠨ᠎ᠠ᠂ ᠪᠠᠰᠠ ᠴᠤ ᠤᠯᠠᠨ ᠤᠯᠤᠰ ᠤᠨ | ᠪᠠᠶᠢᠷᠢᠰᠢᠯ ᠤᠨ ᠬᠤᠪᠢᠰᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠬᠡᠷᠡᠭ ᠶᠠᠪᠤᠳᠠᠯ ᠪᠣᠯᠣᠨ᠎ᠠ᠃ ᠠᠯᠳᠠᠨ ᠲᠣᠭᠤᠰᠭ᠋᠎ᠠ | ᠤᠯᠤᠰ ᠤᠳ ᠤᠨ ᠬᠠᠮᠲᠤᠷᠠᠯᠴᠠᠭ᠎ᠠ ᠨᠢ ᠬᠠᠮᠲᠤ ᠶᠢᠨ ᠬᠥᠭᠡᠭᠡᠴᠡᠯᠳᠦᠯ ᠳᠤ ᠰᠠᠭᠤᠷᠢᠯᠠᠵᠤ᠂ ᠳᠡᠯᠡᠬᠡᠢ ᠶᠢᠨ ᠡᠩᠬᠡ ᠲᠠᠶᠢᠪᠤᠩ | ᠪᠣᠯᠣᠨ ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠵᠦ ᠪᠠᠶᠢᠨ᠎ᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ | ᠵᠢᠯ ᠤᠨ ᠬᠤᠪᠢᠰᠤᠯᠲᠠ ᠲᠦᠷᠭᠡᠳᠦᠨ ᠬᠤᠪᠢᠷᠠᠵᠤ᠂ ᠤᠯᠠᠨ ᠲᠦᠢᠯᠰᠢᠷᠠᠯᠲᠠ ᠶᠢᠨ ᠰᠢᠨ᠎ᠡ ᠪᠠᠶᠢᠳᠠᠯ ᠪᠠᠶᠢᠬᠤ ᠮᠥᠷᠲᠡᠭᠡᠨ | ᠪᠠᠰᠠ ︽ᠰᠢᠨ᠎ᠡ ᠬᠦᠢᠲᠡᠨ ᠲᠠᠶᠢᠨ︾ ᠤ ᠲᠦᠭᠰᠢᠭᠦᠷᠢᠲᠦ ᠪᠠᠶᠢᠳᠠᠯ ᠣᠷᠣᠰᠢᠵᠤ ᠪᠠᠶᠢᠨ᠎ᠠ᠃ ᠠᠯᠳᠠᠨ ᠲᠣᠭᠤᠰᠭ᠋᠎ᠠ | ᠤᠯᠤᠰ ᠤᠳ ᠤᠨ ᠬᠢᠨ ᠲᠡᠦᠬᠡ ᠶᠢᠨ ᠠᠵᠠ ᠲᠣᠭᠢᠶᠠᠯ ᠢ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠢᠯᠡᠷᠡᠭᠦᠯᠵᠦ | ᠂ ᠨᠡᠭᠡᠭᠡᠯᠲᠡᠲᠤ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠨ ᠮᠠᠨᠳᠤᠬᠤ | ᠶᠡᠭᠡ ᠬᠠᠨᠳᠤᠰᠢ ᠳᠤ ᠵᠣᠬᠢᠴᠠᠵᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ᠂ ᠨᠢᠭᠡ ᠰᠡᠳᠬᠢᠯ ᠨᠢᠭᠡ | ᠵᠣᠷᠢᠭ ᠢᠶᠠᠷ ᠠᠵᠢᠯᠯᠠᠬᠤ ᠶᠢ ᠪᠠᠷᠢᠮᠲᠠᠯᠠᠵᠤ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤ ᠶᠢᠨ ᠦᠷᠳᠡᠭ ᠢ ᠴᠢᠨᠠᠭᠰᠢᠳᠠ | ᠨᠢᠭᠲᠠᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠠᠯᠳᠠᠨ | ᠲᠣᠭᠤᠰᠭ᠋᠎ᠠ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠠᠯᠳᠠᠨ ᠲᠣᠭᠤᠰᠭ᠋᠎ᠠ | ᠤᠯᠤᠰ ᠤᠳ ᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠬᠤ | ᠭᠤᠣᠯ ᠠᠷᠭ᠎ᠠ ᠵᠠᠮ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ ᠬᠤᠰᠢᠭᠤᠴᠢ ᠬᠦᠴᠦᠨ | ᠪᠣᠯᠭᠠᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠲᠤᠲᠤᠮ ᠪᠢᠳᠡ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠤᠯᠠᠮ ᠥᠨᠳᠥᠷ ᠮᠠᠨᠳᠤᠭᠤᠯᠵᠤ᠂ ᠠᠯᠲᠠᠨ | ᠲᠣᠭᠤᠰᠭ᠋᠎ᠠ ᠤᠯᠤᠰ ᠤᠳ ᠤᠨ ᠥᠩᠭᠡ ᠪᠤᠳᠤᠭ ᠢ ᠥᠳᠬᠡᠷᠡᠭᠦᠯᠵᠦ᠂ ᠠᠯᠲᠠᠨ ᠲᠣᠭᠤᠰᠭ᠋᠎ᠠ ᠤᠯᠤᠰ ᠤᠳ ᠤᠨ ᠬᠦᠴᠦᠨ ᠢ | ᠢᠯᠡᠷᠡᠭᠦᠯᠬᠦ ᠬᠡᠷᠡᠭᠲᠡᠢ᠃ ᠡᠩᠬᠡ ᠲᠠᠶᠢᠪᠤᠩ ᠤᠨ ᠳᠠᠭᠤᠨ ᠢ ᠴᠤᠤᠷᠢᠶᠠᠲᠤᠭᠤᠯᠵᠤ᠂ ᠶᠠᠷᠢᠯᠴᠠᠭ᠎ᠠ ᠬᠢᠬᠦ ᠠᠴᠠ ᠪᠢᠰᠢ | ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠦᠯᠦ ᠪᠠᠶᠢᠭᠤᠯᠬᠤ ᠰᠢᠨ᠎ᠡ ᠮᠠᠶ᠋ᠢᠭ ᠤᠨ ᠠᠮᠤᠷ | ᠲᠦᠪᠰᠢᠨ ᠢ ᠰᠠᠨᠠᠭᠠᠴᠢᠯᠠᠶ᠎ᠠ᠃ ᠬᠥᠭᠵᠢᠯᠲᠡ ᠶᠢᠨ ᠵᠠᠮ ᠢ ᠬᠠᠮᠲᠤ ᠪᠠᠷ ᠡᠷᠢᠯᠬᠢᠯᠡᠵᠦ᠂ ᠲᠦᠭᠡᠮᠡᠯ ᠬᠠᠷᠠᠭᠠᠯᠵᠠᠯ ᠲᠠᠢ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠬᠠᠮᠲᠤ ᠪᠠᠷ ᠬᠥᠭᠵᠢᠬᠦ ᠶᠡᠭᠡ ᠵᠠᠮ ᠢ ᠪᠠᠲᠤ | ᠰᠠᠬᠢᠶ᠎ᠠ᠃ ᠬᠠᠮᠲᠤᠷᠠᠯᠴᠠᠭᠠᠨ ᠤ ᠰᠠᠭᠤᠷᠢ ᠪᠠᠨ ᠪᠠᠬᠢᠵᠢᠭᠦᠯᠵᠦ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠶᠢᠨ | ᠭᠠᠷᠤᠯᠲᠠ᠂ ᠠᠵᠤ ᠠᠬᠤᠢ ᠠᠷᠠᠯᠵᠢᠶ᠎ᠠ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ | ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠯᠵᠢᠶᠠᠨ ᠤ ᠪᠡᠯᠡ ᠣᠷᠣᠭᠤᠯᠤᠯᠲᠠ ᠪᠣᠯᠣᠨ ᠮᠥᠩᠭᠦᠨ ᠭᠦᠢᠯᠭᠡᠭᠡᠨ ᠤ | ᠠᠮᠤᠷ ᠲᠦᠪᠰᠢᠨ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠲᠠᠷᠠᠭ᠎ᠠ ᠨᠢ ᠰᠢ ᠶᠢᠨ ᠫᠢᠩ ᠶᠡᠭᠡ ᠬᠡᠪᠴᠢᠶᠡᠨ ᠤ ᠬᠤᠷᠠᠯ ᠳᠤ ᠣᠷᠣᠯᠴᠠᠵᠤ᠂ ᠢᠷᠡᠭᠡᠳᠦᠢ ᠶᠢᠨ ᠠᠯᠳᠠᠨ ᠲᠣᠭᠤᠰᠭ᠋᠎ᠠ | ᠤᠯᠤᠰ ᠤᠳ ᠤᠨ ᠬᠥᠭᠵᠢᠯᠲᠡ ᠶᠢᠨ ᠲᠤᠬᠠᠢ ᠴᠢᠬᠤᠯᠠ ᠰᠠᠨᠠᠯ ᠳᠤᠷᠠᠳᠴᠤ᠂ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ | ᠣᠷᠣᠭᠠᠳ ᠪᠠᠶᠢᠨ᠎ᠠ᠂ ᠳᠡᠯᠡᠬᠡᠢ ᠶᠢᠨ ᠦᠢᠮᠡᠭᠡᠨ ᠳᠡᠪᠵᠢᠶᠡᠨ ᠢ ᠳᠤᠷ᠎ᠠ ᠪᠠᠷ ᠨᠢ ᠲᠠᠯᠪᠢᠨ᠎ᠠ ᠦᠦ᠂ ᠡᠰᠡᠬᠦᠯ᠎ᠡ ᠲᠡᠭᠦᠨ ᠤ | ᠨᠠᠶᠢᠷᠠᠮᠳᠠᠯ ᠢᠶᠠᠷ ᠬᠥᠭᠵᠢᠬᠦ ᠵᠥᠪ ᠵᠠᠮ ᠳᠠᠭᠠᠨ ᠲᠠᠭᠢᠨ ᠪᠤᠴᠠᠬᠤ ᠶᠢ ᠠᠬᠢᠭᠤᠯᠬᠤ ᠶᠤᠮ ᠦᠦ ᠭᠡᠳᠡᠭ ᠵᠠᠩᠭᠢᠯᠠᠭ᠎ᠠ ᠶᠢᠨ | ᠰᠣᠩᠭᠤᠯᠲᠠ ᠳᠤ ᠲᠤᠯᠭᠠᠷᠠᠵᠤ ᠪᠠᠶᠢᠨ᠎ᠠ᠃ ᠴᠠᠭ ᠦᠶ᠎ᠡ ᠶᠢᠨ ᠰᠠᠯᠬᠢ ᠳᠠᠪᠠᠯᠭᠠᠨ ᠬᠡᠳᠦᠢ ᠶᠡᠭᠡ ᠪᠤᠯᠬᠤ ᠲᠤᠳᠤᠮ᠂ ᠪᠢᠳᠡ | ᠨᠡᠩ ᠢᠯᠡᠭᠦᠦ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠡᠷᠡᠰ ᠬᠠᠲᠠᠭᠤ ᠵᠣᠷᠢᠭ ᠢᠶᠠᠷ᠂ ᠵᠣᠷᠢᠭᠲᠠᠢ ᠪᠠᠷ | ᠪᠤᠰᠤᠳ ᠠᠴᠠ ᠲᠦᠷᠦᠭᠦᠯᠡᠬᠦ ᠰᠥᠰᠥ ᠵᠣᠷᠢᠭ ᠢᠶᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠬᠤ | ᠤᠬᠠᠭᠠᠨ ᠢᠶᠠᠷ ︽ᠲᠣᠮᠣ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ᠃ | — ᠪᠢᠳᠡ ︽ᠡᠩᠬᠡ ᠲᠠᠶᠢᠪᠤᠩ ᠠᠯᠲᠠᠨ ᠲᠣᠭᠤᠰᠭ᠋᠎ᠠ︾ ᠶᠢ ᠪᠠᠶᠢᠭᠤᠯᠵᠤ᠂ ᠬᠠᠮᠲᠤ ᠶᠢᠨ ᠠᠮᠤᠷ ᠲᠦᠪᠰᠢᠨ ᠤ | ᠬᠠᠮᠠᠭᠠᠯᠠᠭᠴᠢ ᠪᠣᠯᠣᠶ᠎ᠠ᠃ ᠭᠠᠭᠴᠠ ᠬᠦ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ | ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠪᠡᠯ ᠰᠠᠶ᠋ᠢ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ ᠴᠢᠳᠠᠨ᠎ᠠ᠃ | ᠪᠢᠳᠡ ︽ᠳᠠᠶᠢᠨ ᠤ ᠲᠠᠯᠠᠪᠤᠷ ᠢ ᠭᠠᠳᠠᠭᠰᠢ ᠲᠡᠯᠡᠭᠦ ᠦᠭᠡᠢ᠂ ᠳᠠᠶᠢᠨ ᠤ ᠶᠠᠪᠤᠳᠠᠯ ᠢ ᠳᠡᠰ ᠳᠡᠪᠰᠢᠭᠦᠯᠬᠦ ᠦᠭᠡᠢ᠂ ᠡᠯ᠎ᠡ | ᠲᠠᠯ᠎ᠠ ᠶᠢᠨ ᠬᠢᠨ ᠬᠠᠳᠬᠤᠵᠤ ᠥᠳᠥᠭᠡᠬᠦ ᠦᠭᠡᠢ︾ ᠪᠠᠶᠢᠬᠤ ᠭᠤᠷᠪᠠᠨ ᠵᠠᠷᠴᠢᠮ ᠢ ᠪᠠᠷᠢᠮᠲᠠᠯᠠᠵᠤ᠂ ᠦᠺᠷᠠᠶᠢᠨ ᠤ | ᠬᠢᠮᠤᠷᠠᠯ ᠤᠨ ᠪᠠᠶᠢᠳᠠᠯ ᠢ ᠲᠦᠷᠭᠡᠬᠡᠨ ᠨᠠᠮᠳᠠᠭᠤᠯᠬᠤ ᠶᠢ ᠠᠬᠢᠭᠤᠯᠤᠶ᠎ᠠ᠃ ᠭᠠᠽᠠ ᠣᠷᠣᠨ ᠤ ᠲᠤᠯᠤᠯᠳᠤᠬᠤ ᠪᠠᠨ ᠳᠠᠷᠦ᠋ᠢᠬᠠᠨ | ᠵᠣᠬᠰᠣᠬᠤ ᠶᠢ ᠠᠬᠢᠭᠤᠯᠵᠤ᠂ ᠫᠠᠯᠧᠰᠲ᠋ᠠᠶᠢᠨ ᠤ ᠠᠰᠠᠭᠤᠳᠠᠯ ᠢ ᠪᠦᠭᠦ ᠲᠠᠯ᠎ᠠ ᠪᠠᠷ᠂ ᠲᠥᠪ ᠭᠤᠣᠯᠴᠢ ᠪᠠᠷ᠂ ᠤᠳᠠᠭᠠᠨ | ᠳᠠᠭᠠᠭᠠᠮᠠᠭᠠᠢ ᠪᠠᠷ ᠰᠢᠢᠳᠪᠦᠷᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠶ᠎ᠠ᠃ | — ᠪᠢᠳᠡ ︽ᠰᠢᠨ᠎ᠡ ᠶᠢ ᠡᠭᠦᠳᠬᠦ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ | ᠬᠤᠰᠢᠭᠤᠴᠢ ᠪᠣᠯᠣᠶ᠎ᠠ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠶᠢᠨ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠶ᠎ᠠ᠃ ᠳᠤᠮᠳᠠᠳᠤ ᠤᠯᠤᠰ ᠣᠶᠢᠷ᠎ᠠ ᠳᠤ ᠳᠤᠮᠳᠠᠳᠤ ᠤᠯᠤᠰ — ᠠᠯᠳᠠᠨ | ᠲᠣᠭᠤᠰᠭ᠋᠎ᠠ ᠤᠯᠤᠰ ᠤᠳ ᠤᠨ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠪᠠ ᠬᠠᠮᠲᠤᠷᠠᠯᠴᠠᠭᠠᠨ ᠤ ᠲᠥᠪ ᠢ | ᠪᠠᠶᠢᠭᠤᠯᠵᠤ᠂ ᠠᠯᠳᠠᠨ ᠲᠣᠭᠤᠰᠭ᠋᠎ᠠ ᠤᠯᠤᠰ ᠤᠳ ᠤᠨ ᠭᠦᠨ ᠳᠠᠯᠠᠢ ᠶᠢᠨ ᠡᠬᠢ ᠪᠠᠶᠠᠯᠢᠭ ᠤᠨ ᠤᠯᠠᠨ ᠤᠯᠤᠰ ᠤᠨ | ᠰᠤᠳᠤᠯᠭᠠᠨ ᠤ ᠲᠥᠪ᠂ ᠠᠯᠳᠠᠨ ᠲᠣᠭᠤᠰᠭ᠋᠎ᠠ ᠤᠯᠤᠰ ᠤᠳ ᠤᠨ ᠣᠨᠴᠠᠭᠠᠢ ᠠᠵᠤ ᠠᠬᠤᠢ ᠶᠢᠨ ᠣᠷᠣᠨ ᠤ ᠳᠤᠮᠳᠠᠳᠤ | ᠤᠯᠤᠰ ᠤᠨ ᠬᠠᠮᠲᠤᠷᠠᠯᠴᠠᠭᠠᠨ ᠤ ᠲᠥᠪ᠂ ᠠᠯᠳᠠᠨ ᠲᠣᠭᠤᠰᠭ᠋᠎ᠠ ᠤᠯᠤᠰ ᠤᠳ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ | ᠳᠤᠮᠳᠠᠳᠤ ᠤᠯᠤᠰ ᠤᠨ ᠲᠥᠪ᠂ ᠠᠯᠳᠠᠨ ᠲᠣᠭᠤᠰᠭ᠋᠎ᠠ ᠤᠯᠤᠰ ᠤᠳ ᠤᠨ ᠲᠣᠭᠠᠴᠢᠯᠠᠭᠰᠠᠨ ᠠᠵᠤ ᠦᠢᠯᠡᠰ ᠤᠨ ᠠᠮᠢ | ᠠᠬᠤᠢ ᠶᠢᠨ ᠬᠠᠮᠲᠤᠷᠠᠯᠴᠠᠭᠠᠨ ᠤ ᠲᠣᠣᠷ ᠢ ᠪᠠᠶᠢᠭᠤᠯᠤᠨ᠎ᠠ᠃ ᠡᠯ᠎ᠡ ᠲᠠᠯ᠎ᠠ ᠶᠢᠨ ᠬᠢᠨ ᠢᠳᠡᠪᠬᠢᠲᠡᠢ ᠣᠷᠣᠯᠴᠠᠵᠤ ᠶᠢ ᠪᠠᠶᠠᠷᠯᠠᠨ | ᠤᠭᠲᠤᠵᠤ ᠪᠠᠶᠢᠨ᠎ᠠ᠃ | — ᠪᠢᠳᠡ ︽ᠪᠣᠬᠢᠷᠳᠤᠯ ᠦᠭᠡᠢ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠦᠷᠭᠦᠯᠵᠢᠯᠡᠬᠦ ᠬᠥᠭᠵᠢᠯᠲᠡ ᠶᠢᠨ | ᠦᠢᠯᠡᠳᠦᠯᠭᠡᠵᠢᠭᠦᠯᠦᠭᠴᠢ ᠪᠣᠯᠣᠶ᠎ᠠ᠃ ᠳᠤᠮᠳᠠᠳᠤ ᠤᠯᠤᠰ ᠤᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠴᠡᠨᠡᠭ᠂ | ᠭᠡᠷᠡᠯᠴᠢ ᠴᠡᠨᠡᠭ ᠤᠨ ᠦᠢᠯᠡᠳᠬᠦᠨ ᠵᠡᠷᠭᠡ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠨᠢ ᠳᠡᠯᠡᠬᠡᠢ ᠶᠢᠨ ᠪᠣᠬᠢᠷᠳᠤᠯ | ᠦᠭᠡᠢ ᠬᠥᠭᠵᠢᠯᠲᠡ ᠳᠤ ᠴᠢᠬᠤᠯᠠ ᠲᠤᠰᠠᠯᠠᠮᠵᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠲᠣᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠠᠯᠲᠠᠨ ᠲᠣᠭᠤᠰᠭ᠋᠎ᠠ ᠤᠯᠤᠰ ᠤᠳ ᠯᠤᠭ᠎ᠠ ᠪᠣᠬᠢᠷᠳᠤᠯ ᠦᠭᠡᠢ ᠠᠵᠤ ᠦᠢᠯᠡᠰ᠂ ᠴᠡᠪᠡᠷ | ᠡᠨᠧᠷᠭᠢ ᠵᠢᠴᠢ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠪᠦᠭᠦ ᠠᠵᠤ | ᠦᠢᠯᠡᠰ ᠤᠨ ᠬᠡᠯᠬᠢᠶ᠎ᠡ ᠶᠢᠨ ︽ᠪᠣᠬᠢᠷᠳᠤᠯ ᠦᠭᠡᠢ ᠬᠥᠭᠵᠢᠯᠲᠡ︾ ᠶᠢ ᠠᠬᠢᠭᠤᠯᠵᠤ᠂ ᠬᠠᠮᠲᠤᠷᠠᠯᠴᠠᠭᠠᠨ ᠤ ︽ᠪᠣᠬᠢᠷᠳᠤᠯ | ᠦᠭᠡᠢ ᠬᠡᠮᠵᠢᠶ᠎ᠡ︾ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠦᠨ᠎ᠡ ᠥᠷᠲᠡᠭ︾ ᠢ ᠳᠡᠭᠡᠭᠰᠢᠯᠡᠭᠦᠯᠦᠨ᠎ᠡ᠃ | — ᠪᠢᠳᠡ ︽ᠲᠥᠪ ᠭᠤᠣᠯᠴᠢ ᠠᠯᠲᠠᠨ ᠲᠣᠭᠤᠰᠭ᠋᠎ᠠ︾ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠶᠢᠨ ᠳᠠᠭᠠᠭᠤᠯᠤᠭᠴᠢ ᠪᠣᠯᠣᠶ᠎ᠠ᠃ ᠤᠯᠠᠨ ᠤᠯᠤᠰ ᠤᠨ ᠬᠦᠴᠦᠨ ᠤ ᠬᠠᠷᠢᠴᠠᠯ ᠶᠠᠭ | ᠭᠦᠨᠵᠡᠭᠡᠢ ᠤᠯᠠᠷᠢᠨ ᠬᠤᠪᠢᠷᠠᠵᠤ ᠪᠠᠶᠢᠨ᠎ᠠ᠂ ᠭᠡᠪᠡᠴᠦ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ | ᠤᠷᠳᠤ ᠬᠤᠭᠤᠴᠠᠭ᠎ᠠ ᠪᠠᠷ ᠬᠤᠴᠣᠷᠴᠤ ᠪᠠᠶᠢᠨ᠎ᠠ᠃ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ | ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠣᠶᠢᠯᠠᠭᠠᠭᠳᠠᠬᠤᠨ | ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠬᠥᠭᠵᠢᠵᠦ ᠪᠠᠶᠢᠭ᠎ᠠ | ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ | ᠳᠡᠭᠡᠭᠰᠢᠯᠡᠭᠦᠯᠦᠶ᠎ᠡ᠃ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ | ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠵᠤ᠂ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ | ᠰᠢᠰᠲ᠋ᠧᠮ ᠤᠨ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠨᠡᠩ ᠰᠠᠶᠢᠲᠤᠷ ᠲᠤᠰᠬᠠᠬᠤ ᠶᠢ | ᠠᠬᠢᠭᠤᠯᠤᠶ᠎ᠠ᠃ | — ᠪᠢᠳᠠ ︽ᠰᠣᠶᠣᠯ ᠢᠷᠭᠡᠨᠰᠢᠯ ᠤᠨ ᠠᠯᠳᠠᠨ ᠲᠣᠭᠤᠰᠭ᠋᠎ᠠ︾ ᠶᠢ ᠪᠠᠶᠢᠭᠤᠯᠵᠤ᠂ ᠪᠣᠯᠪᠠᠰᠤᠨ ᠪᠠ ᠬᠠᠮᠲᠤ | ᠣᠷᠣᠰᠢᠬᠤ ᠶᠢᠨ ᠰᠠᠨᠠᠭᠠᠴᠢᠯᠠᠭᠴᠢ ᠪᠣᠯᠣᠶ᠎ᠠ᠃ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠠᠳᠠᠯᠢ ᠪᠤᠰᠤ ᠪᠣᠯᠪᠠᠰᠤᠨ ᠢ ᠰᠣᠯᠪᠢᠴᠠᠭᠤᠯᠤᠨ ᠭᠡᠷᠡᠯ ᠭᠢᠯᠪᠠᠭ᠎ᠠ ᠰᠠᠴᠤᠷᠠᠭᠤᠯᠵᠤ᠂ ᠠᠯᠳᠠᠨ ᠲᠣᠭᠤᠰᠭ᠋᠎ᠠ | ᠤᠯᠤᠰ ᠤᠳ ᠤᠨ ᠤᠷᠤᠭᠰᠢᠯᠠᠯᠲᠠ ᠶᠢᠨ ᠵᠠᠮ ᠢ ᠭᠡᠷᠡᠯᠳᠦᠭᠦᠯᠤᠶᠠ᠃ ᠲᠤᠮᠳᠠᠳᠤ ᠤᠯᠤᠰ ᠤᠨ ᠳᠤᠷᠠᠳᠤᠭᠰᠠᠨ ᠠᠯᠳᠠᠨ | ᠲᠣᠭᠤᠰᠭ᠋᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠨᠢᠭᠡᠨᠲᠡ | ᠨᠠᠶᠢᠳᠠᠪᠤᠷᠢᠵᠢᠭᠤᠯᠤᠭᠳᠠᠵᠤ᠂ ᠠᠯᠲᠠᠨ ᠲᠣᠭᠤᠰᠭ᠋᠎ᠠ ᠤᠯᠤᠰ ᠤᠳ ᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ | ᠴᠢᠳᠠᠪᠤᠷᠢ ᠶᠢᠨ ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠢᠷᠡᠬᠦ 5 ᠵᠢᠯ ᠳᠤ ᠠᠯᠲᠠᠨ ᠲᠣᠭᠤᠰᠭ᠋᠎ᠠ | ᠤᠯᠤᠰ ᠤᠳ ᠲᠤ 10 ᠭᠠᠳᠠᠭᠠᠳᠤ ᠳᠤ ᠰᠤᠷᠤᠯᠴᠠᠬᠤ ᠲᠥᠪ ᠪᠠᠶᠢᠭᠤᠯᠵᠤ᠂ 1000 ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠠᠵᠢᠯᠲᠠᠨ ᠪᠣᠯᠣᠨ ᠪᠠᠭᠰᠢ ᠰᠤᠷᠤᠬᠴᠢᠳ ᠲᠤ ᠪᠣᠯᠪᠠᠰᠤᠷᠠᠯ ᠤᠨ ᠲᠣᠭᠢᠶᠠᠯ ᠬᠠᠩᠭᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠤᠨ ᠡᠯ᠎ᠡ | ᠤᠯᠤᠰ ᠯᠤᠭ᠎ᠠ ᠬᠠᠮᠲᠤ ᠪᠠᠷ ︽ᠲᠣᠮᠣ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠨᠡᠩ ᠤᠯᠠᠨ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ︾ ᠲᠠᠢ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ︕ ᠭᠡᠵᠦ ᠴᠢᠬᠤᠯᠠᠴᠢᠯᠠᠪᠠ᠃ | ᠠᠭᠤᠯᠵᠠᠯᠲᠠ ᠳᠤ ᠣᠷᠣᠯᠴᠠᠬᠰᠠᠨ ᠤᠳᠤᠷᠢᠳᠬᠤ ᠬᠥᠮᠥᠰ ︽ᠤᠯᠠᠨ ᠲᠠᠯᠠᠲᠤ ᠦᠵᠡᠯ ᠢ ᠴᠢᠩᠭᠠᠳᠬᠠᠵᠤ᠂ ᠲᠥᠪ | ᠭᠤᠣᠯᠴᠢ ᠪᠦᠭᠦ ᠪᠥᠮᠪᠥᠷᠴᠡᠭ ᠤᠨ ᠬᠥᠭᠵᠢᠯᠲᠡ ᠪᠠ ᠠᠮᠤᠷ ᠲᠦᠪᠰᠢᠨ ᠢ ᠠᠬᠢᠭᠤᠯᠤᠶ᠎ᠠ︾ ᠭᠡᠬᠦ ᠭᠤᠣᠯ ᠰᠡᠳᠦᠪ ᠤᠨ | ᠲᠣᠭᠤᠷᠢᠨ ᠳᠤ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ | ᠶᠡᠭᠡ ᠳᠡᠯᠡᠬᠡᠢ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠤᠳᠤᠷᠢᠳᠬᠤ ᠬᠥᠮᠥᠰ ᠠᠯᠳᠠᠨ ᠲᠤᠭᠤᠰᠭ᠋᠎ᠠ ᠤᠯᠤᠰ ᠤᠳ ᠤᠨ ᠲᠣᠭᠲᠠᠴᠠ ᠶᠢᠨ ᠬᠥᠭᠵᠢᠯᠲᠡ ᠵᠢᠴᠢ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠢ ᠢᠳᠡᠪᠬᠢᠲᠡᠢ | ᠦᠨᠡᠯᠡᠵᠦ᠂ ᠠᠯᠳᠠᠨ ᠲᠣᠭᠤᠰᠭ᠋᠎ᠠ ᠤᠯᠤᠰ ᠤᠳ ᠤᠨ ᠬᠥᠮᠥᠨ ᠠᠮᠠ ᠤᠯᠠᠨ᠂ ᠡᠬᠢ ᠪᠠᠶᠠᠯᠢᠭ ᠡᠯᠪᠡᠭ᠂ ᠬᠥᠭᠵᠢᠯᠲᠡ ᠶᠢᠨ | ᠲᠠᠯᠳᠠ ᠬᠦᠴᠦᠨ ᠯᠤᠲᠤ ᠶᠡᠭᠡ᠂ ᠤᠷᠢᠶᠠᠯᠠᠬᠤ ᠬᠦᠴᠦᠨ ᠪᠣᠯᠣᠨ ᠳᠡᠯᠡᠬᠡᠢ ᠳᠠᠬᠢ ᠨᠥᠯᠥᠭᠡᠯᠡᠬᠦ ᠬᠦᠴᠦᠨ ᠡᠳᠦᠷ ᠢᠷᠡᠬᠦᠶ᠎ᠡ | ᠳᠡᠭᠡᠭᠰᠢᠯᠡᠵᠦ᠂ ᠤᠯᠠᠨ ᠲᠠᠯᠠᠲᠤ ᠦᠵᠡᠯ ᠤᠨ ᠦᠯᠢᠭᠡᠷ ᠵᠢᠱᠢᠶ᠎ᠡ ᠪᠣᠯᠵᠠᠢ ᠭᠡᠵᠦ ᠦᠵᠡᠪᠡ᠃ ᠠᠯᠳᠠᠨ ᠲᠣᠭᠤᠰᠭ᠋᠎ᠠ | ᠤᠯᠤᠰ ᠤᠳ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠪᠦᠯᠬᠦᠮᠳᠡᠯ ᠬᠠᠮᠵᠢᠯᠴᠠᠭ᠎ᠠ ᠪᠠᠨ | ᠴᠢᠩᠭᠠᠳᠬᠠᠵᠤ᠂ ︽ᠲᠣᠮᠣ ᠠᠯᠳᠠᠨ ᠲᠣᠭᠤᠰᠭ᠋᠎ᠠ︾ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ | ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠮᠥᠩᠭᠦᠨ | ᠭᠦᠢᠯᠭᠡᠭᠡᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ︽ᠭᠤᠷᠪᠠᠨ ᠬᠦᠷᠳᠦ ᠪᠠᠷ ᠬᠥᠳᠡᠯᠭᠡᠭᠦᠷ ᠪᠤᠯᠭᠠᠬᠤ︾ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ | ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠪᠣᠯᠣᠨ ᠳᠡᠯᠡᠬᠡᠢ ᠶᠢᠨ ᠦᠷᠭᠦᠯᠵᠢᠯᠡᠬᠦ | ᠬᠥᠭᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠬᠡᠷᠡᠭ | ᠶᠠᠪᠤᠳᠠᠯ ᠳᠠᠬᠢ ᠦᠭᠡ ᠬᠡᠯᠡᠬᠦ ᠡᠷᠬᠡ ᠪᠣᠯᠣᠨ ᠲᠥᠯᠥᠭᠡᠯᠡᠬᠦ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠨᠡᠩ ᠲᠥᠪ ᠭᠤᠣᠯᠴᠢ | ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠪᠠᠯ ᠵᠣᠬᠢᠨ᠎ᠠ᠃ ᠣᠯᠠᠨ ᠲᠠᠯᠠᠲᠤ ᠦᠵᠡᠯ ᠢ | ᠡᠷᠡᠰ ᠬᠠᠮᠠᠭᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠯᠠᠨ ᠤᠯᠤᠰ ᠤᠨ ᠰᠢᠰᠲ᠋ᠧᠮ ᠳᠠᠬᠢ ᠭᠤᠣᠯᠯᠠᠬᠤ | ᠦᠢᠯᠡᠳᠦᠯ ᠢ ᠬᠠᠮᠠᠭᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠣᠬᠢᠶᠠᠮᠠᠯ ᠣᠶᠤᠨ ᠴᠢᠳᠠᠪᠤᠷᠢ ᠵᠡᠷᠭᠡ | ᠪᠦᠭᠦ ᠪᠥᠮᠪᠥᠷᠴᠡᠭ ᠤᠨ ᠵᠠᠰᠠᠯᠲᠠ ᠳᠤᠮᠳᠠ ᠴᠢᠬᠤᠯᠠ ᠦᠢᠯᠡᠳᠦᠯ ᠪᠠᠳᠠᠷᠠᠭᠤᠯᠬᠤ ᠶᠢ ᠳᠡᠮᠵᠢᠨ᠎ᠡ᠃ ᠶᠠᠷᠢᠯᠴᠠᠭ᠎ᠠ | ᠵᠥᠪᠳᠡᠯᠴᠡᠭᠡ ᠪᠠᠷ ᠳᠠᠮᠵᠢᠨ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠬᠦᠴᠦᠯᠡᠨ | ᠴᠢᠷᠮᠠᠶᠢᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠲᠠᠮᠵᠢᠵᠤ᠂ ᠡᠯ᠎ᠡ | ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠬᠦᠨᠳᠦᠳᠬᠡᠨ᠎ᠡ᠃ ᠤᠳᠤ ᠪᠠᠶᠢᠭ᠎ᠠ ᠤᠯᠠᠨ ᠤᠯᠤᠰ ᠤᠨ | ᠠᠵᠤ ᠠᠬᠤᠢ ᠮᠥᠩᠭᠦᠨ ᠭᠦᠢᠯᠭᠡᠭᠡᠨ ᠤ ᠪᠦᠲᠦᠴᠡ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠶᠢ 21 ᠳ᠋ᠦ᠋ᠭᠡᠷ ᠵᠠᠭᠤᠨ ᠤ ᠰᠢᠨ᠎ᠡ ᠭᠡᠯᠪᠡᠷᠢ ᠶᠢᠨ ᠤᠯᠠᠨ ᠲᠠᠯᠠᠲᠤ ᠨᠡᠭᠡᠭᠡᠨ | ᠬᠥᠭᠵᠢᠭᠦᠯᠦᠯᠲᠡ ᠶᠢᠨ ᠪᠠᠩᠬᠢ ᠪᠣᠯᠭᠠᠨ ᠪᠠᠶᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ | ᠬᠤᠷᠠᠯ ᠠᠴᠠ ᠳᠤᠮᠳᠠᠳᠤ ᠤᠯᠤᠰ ᠤᠨ ᠳᠤᠷᠠᠳᠤᠭᠰᠠᠨ ︽ᠪᠣᠯᠪᠠᠰᠤᠨ ᠶᠠᠷᠢᠯᠴᠠᠭᠠᠨ ᠤ ᠤᠯᠠᠨ ᠤᠯᠤᠰ ᠤᠨ ᠡᠳᠦᠷ︾ ᠤᠨ | ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠭᠰᠠᠨ ᠢ ᠮᠠᠭᠲᠠᠨ ᠰᠠᠶᠢᠰᠢᠶᠠᠵᠤ᠂ ᠳᠡᠯᠡᠬᠡᠢ ᠶᠢᠨ ᠪᠣᠯᠪᠠᠰᠤᠨ ᠤ ᠤᠯᠠᠨ | ᠶᠠᠩᠵᠤᠲᠤ ᠴᠢᠨᠠᠷ ᠢ ᠭᠦᠨᠳᠦᠳᠭᠡᠵᠦ᠂ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠰᠣᠯᠢᠯᠴᠠᠭ᠎ᠠ ᠲᠣᠯᠢᠳᠠᠯ ᠢ | ᠴᠢᠩᠭᠠᠳᠬᠠᠰᠤᠭᠠᠢ ᠭᠡᠵᠦ ᠤᠷᠢᠶᠠᠯᠠᠪᠠ᠃ | ᠠᠭᠤᠯᠵᠠᠯᠲᠠ ᠳᠤ ︽ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠷᠪᠠᠨ ᠵᠢᠷᠭᠤᠳᠤᠭᠠᠷ | ᠤᠳᠠᠭ᠎ᠠ ᠶᠢᠨ ᠠᠭᠤᠯᠵᠠᠯᠲᠠ ᠶᠢᠨ ᠺᠠᠽᠠᠨ ᠤ ᠲᠤᠩᠬᠠᠭ︾ ᠢ ᠨᠡᠶᠢᠲᠡᠯᠡᠵᠦ᠂ ᠠᠯᠳᠠᠨ ᠲᠣᠭᠤᠰᠭ᠋᠎ᠠ ᠤᠯᠤᠰ ᠤᠳ ᠤᠨ | ᠬᠠᠨᠢᠲᠠᠨ ᠤᠯᠤᠰ ᠢ ᠲᠣᠬᠢᠷᠠᠭᠤᠯᠬᠤ ᠪᠠᠷ ᠨᠡᠶᠢᠲᠡᠯᠡᠪᠡ᠃ | ᠠᠭᠤᠯᠵᠠᠯᠲᠠ ᠶᠢᠨ ᠬᠤᠭᠤᠴᠠᠭᠠᠨ ᠳᠤ᠂ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠪᠠᠰᠠ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠥᠸᠧ ᠰᠠᠢ ᠹᠦ᠋ ᠵᠡᠷᠭᠡ ᠠᠯᠳᠠᠨ ᠲᠣᠭᠤᠰᠭ᠋᠎ᠠ ᠤᠯᠤᠰ ᠤᠳ ᠤᠨ | ᠲᠣᠭᠲᠠᠴᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠲᠤ ᠭᠡᠷᠡᠯ | ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |