ᠣᠶᠢᠷ᠎ᠠ ᠳᠤ᠂ ᠤᠯᠤᠰ ᠠᠴᠠ 2023 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠳᠤ | ᠬᠤᠯᠪᠤᠭᠳᠠᠭᠰᠠᠨ ᠰᠢᠯᠵᠢᠭᠦᠯᠦᠨ ᠥᠭᠬᠦ 6 ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ | ᠨᠡᠪᠲᠡᠷᠡᠭᠦᠯᠦᠨ ᠮᠡᠳᠡᠭᠡᠯᠡᠪᠡ᠂ ᠮᠠᠨ ᠤ ᠣᠷᠣᠨ ︽ᠬᠤᠶᠠᠷ ᠰᠢᠯᠢᠳᠡᠭ ᠳᠥᠷᠪᠡᠨ ᠰᠠᠶᠢᠨ︾ ᠢᠶᠠᠷ ᠦᠨᠡᠯᠡᠭᠳᠡᠵᠦ᠂ | 2022 ᠣᠨ ᠯᠤᠭ᠎ᠠ ᠬᠠᠷᠢᠴᠠᠭᠤᠯᠪᠠᠯ ︽ᠳᠥᠷᠪᠡᠨ ᠰᠠᠶᠢᠨ ᠨᠢᠭᠡ ᠳᠤᠮᠳᠠ︾ ᠶᠢᠨ ᠠᠮᠵᠢᠯᠲᠠ ᠪᠦᠲᠦᠮᠵᠢ ᠶᠢᠨ | ᠦᠨᠡᠯᠡᠯᠲᠡ ᠲᠠᠢ ᠪᠠᠶᠢᠭᠰᠠᠨ ᠦᠷ᠎ᠡ ᠳ᠋ᠦᠩ ᠠᠴᠠ ᠪᠠᠨ ᠢᠯᠡᠳᠲᠡ ᠳᠡᠭᠡᠭᠰᠢᠯᠡᠵᠦ᠂ 31 ᠮᠤᠵᠢ ᠣᠷᠣᠨ ᠬᠤᠲᠠ ᠶᠢᠨ | ᠳᠣᠲᠣᠷ᠎ᠠ ᠶᠡᠷᠦᠩᠬᠡᠢ ᠵᠢᠭᠰᠠᠭᠠᠯᠲᠠ ᠨᠢ ᠨᠢᠳᠤᠨᠤᠨ ᠤ 22 ᠳ᠋ᠤᠭᠠᠷ ᠲᠤ ᠪᠠᠶᠢᠭᠰᠠᠨ ᠠᠴᠠ ᠪᠠᠨ ᠳᠠᠪᠰᠢᠭᠠᠳ 11 | ᠳ᠋ᠦ᠋ᠭᠡᠷ ᠲᠤ ᠤᠷᠤᠵᠠᠢ᠃ ᠲᠣᠰ ᠤᠳᠠᠭᠠᠨ ᠤ ᠠᠮᠵᠢᠯᠲᠠ ᠪᠦᠲᠦᠮᠵᠢ ᠶᠢ ᠦᠨᠡᠯᠡᠬᠦ ᠬᠡᠪᠴᠢᠶᠡᠨ ᠳᠤ ᠣᠷᠣᠭᠤᠯᠤᠭᠰᠠᠨ | ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠰᠢᠯᠵᠢᠭᠦᠯᠦᠨ ᠥᠭᠬᠦ 6 ᠵᠦᠢᠯ ᠪᠤᠯᠤᠨ᠎ᠠ᠂ 2023 ᠣᠨ ᠳᠤ | ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠪᠤᠲᠠᠲᠠᠢ ᠪᠠᠭᠤᠯᠭᠠᠭᠰᠠᠨ 6 ᠵᠦᠢᠯ ᠤᠨ ᠪᠡᠯᠡ ᠮᠦᠩᠭᠦᠨ ᠤ | ᠶᠡᠷᠦᠩᠬᠡᠢ ᠲᠤᠭ᠎ᠠ ᠨᠢ 228 ᠳ᠋ᠦᠩᠰᠢᠭᠤᠷ ᠲᠥᠭᠦᠷᠢᠭ ︵ᠡᠭᠦᠨ ᠳᠤ ᠤᠯᠤᠰ ᠤᠨ ᠵᠢᠭᠡᠯᠡᠯᠭᠡ ᠪᠠᠷ ᠨᠡᠮᠡᠵᠦ | ᠪᠠᠭᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ | ᠪᠠᠭᠲᠠᠬᠤ ᠦᠭᠡᠢ︶ ᠪᠠᠶᠢᠪᠠ᠃ ᠡᠭᠦᠨ ᠳᠤ᠂ ᠮᠠᠨ ᠤ ᠣᠷᠣᠨ ︽ᠰᠢᠯᠢᠳᠡᠭ︾ ᠢᠶᠠᠷ ᠦᠨᠡᠯᠡᠭᠳᠡᠭᠰᠡᠨ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠠᠯᠠ ᠮᠥᠩᠭᠦ 123 ᠳ᠋ᠦᠩᠰᠢᠭᠤᠷ ᠲᠥᠭᠦᠷᠢᠭ᠂ | ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ | ᠠᠪᠤᠷᠬᠠᠤ ᠪᠠᠯᠠ ᠮᠥᠩᠭᠦ 7 ᠳ᠋ᠦᠩᠰᠢᠭᠤᠷ ᠲᠥᠭᠦᠷᠢᠭ ᠪᠠᠶᠢᠵᠠᠢ᠂ ᠡᠨᠡ ᠬᠦ ᠬᠤᠶᠠᠷ ᠵᠦᠢᠯ ᠨᠢ ᠨᠡᠶᠢᠲᠡ 130 | ᠳ᠋ᠦᠩᠰᠢᠭᠤᠷ ᠲᠥᠭᠦᠷᠢᠭ ᠲᠤ ᠬᠦᠷᠴᠦ᠂ ᠲᠥᠪ ᠤᠨ ᠡᠳ᠋ ᠤᠨ ᠵᠠᠰᠠᠭ ᠤᠨ ᠪᠠᠭᠤᠯᠭᠠᠭᠰᠠᠨ ᠪᠠᠯᠠ ᠮᠦᠩᠭᠦᠨ ᠤ | ᠶᠡᠷᠦᠩᠬᠡᠶ ᠲᠤᠭᠠᠨ ᠤ 57% ᠶᠢ ᠡᠵᠡᠯᠡᠪᠡ᠃ ︵ᠡᠳ᠋ ᠤᠨ ᠵᠠᠰᠠᠭ ᠤᠨ ᠲᠢᠩᠬᠢᠮ︶ | |