1 - 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠳᠠᠶᠠᠭᠠᠷ ᠢᠶᠠᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠶᠢᠨ | ᠵᠣᠷᠢᠭ ᠢᠶᠠᠨ ᠪᠠᠲᠤᠳᠬᠠᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠲᠠᠰᠤᠷᠠᠯᠲᠠ ᠥᠬᠡᠶ | ᠠᠭᠤᠳᠠᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠪᠥᠬᠦ ᠲᠣᠭᠤᠷᠢᠭ ᠤᠨ ᠨᠡᠶᠢᠭᠡᠮ ᠤᠨ | ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠪᠠ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠴᠥᠮ ᠤᠳᠠᠭᠠᠰᠢᠷᠠᠪᠠ | 2024 ᠣᠨ ᠤ 1 — 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠲᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 57 ᠪᠠᠶᠢᠵᠤ᠂ ᠦᠢᠯᠡᠳᠬᠦᠨ ᠤ ᠥᠷᠲᠡᠭ ᠨᠢ 198.05 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 8.8% ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠲᠣᠰ ᠲᠣᠰ | ᠲᠦᠷᠦᠭᠦᠤ ᠭᠤᠷᠪᠠᠨ ᠤᠯᠠᠷᠢᠯ ᠤᠨ ᠬᠢ ᠠᠴᠠ 0.1 ᠵᠠᠭᠤᠨ ᠤ ᠴᠡᠭ ᠪᠠ 0.4 ᠵᠠᠭᠤᠨ ᠤ ᠴᠡᠭ ᠳᠣᠤᠷ᠎ᠠ ᠪᠣᠯᠪᠠ᠃ | 10 ᠰᠠᠷ᠎ᠠ ᠳᠤ ᠦᠢᠯᠡᠳᠬᠦᠨ ᠤ ᠥᠷᠲᠡᠭ 19.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.5 % ᠪᠠᠷ ᠨᠡᠮᠡᠭᠳᠡᠪᠡ᠃ | ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃ 1 - 10 ᠰᠠᠷ᠎ᠠ ᠳᠤ᠂ ᠫᠢᠩ ᠮᠧᠶ ᠪᠦᠯᠦᠭᠯᠡᠯ᠂ | ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ | ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 60.74 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠨᠢ 2.1 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠶ | ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30. | 7% ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.9 ᠵᠠᠭᠤᠨ ᠤ ᠨᠢᠭᠡᠴᠢ ᠳᠡᠭᠡᠭᠰᠢᠯᠡᠭᠦᠯᠪᠡ᠃ | ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠲᠥᠪ ᠠᠵᠤ ᠠᠬᠤᠶᠢᠯᠠᠯ᠃ | 1 - 10 ᠰᠠᠷ᠎ᠠ ᠳᠤ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ 108.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 2.6% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ 55% ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠨᠢ 1.4 ᠵᠠᠭᠤᠨ ᠤ ᠨᠢᠭᠡᠴᠢ | ᠳᠡᠭᠡᠭᠰᠢᠯᠡᠭᠦᠯᠪᠡ︔ ᠠᠵᠤ ᠦᠢᠯᠡᠰ ᠤᠨ ᠬᠦᠷᠢᠶᠡᠯᠡᠩ ᠤᠨ ᠭᠤᠣᠯ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ 11.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 7.2% ᠢᠶᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ 5.8% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠨᠢ 0.5 ᠵᠠᠭᠤᠨ ᠤ ᠨᠢᠭᠡᠴᠢ ᠳᠣᠷᠤᠭᠰᠢᠯᠠᠭᠤᠯᠪᠠ᠃ | ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃ 1 - 10 ᠰᠠᠷ᠎ᠠ ᠳᠤ᠂ | ᠦᠢᠯᠡᠳᠬᠦᠨ ᠤ ᠦᠷᠳᠡᠭ ᠨᠢ ᠳ᠋ᠦᠩᠰᠢᠭᠤᠷ ᠬᠡᠲᠦᠷᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 17 ᠪᠤᠢ᠂ | ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 183.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 92.8% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 4.5 ᠵᠠᠭᠤᠨ ᠤ ᠨᠢᠭᠡᠴᠢ | ᠳᠡᠭᠡᠭᠰᠢᠯᠡᠭᠦᠯᠵᠡᠢ᠃ | ︵ᠲᠦᠷᠪᠡ︶ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠃ 10 ᠳ᠋ᠤᠭᠠᠷ ᠰᠠᠷ᠎ᠠ ᠶᠢᠨ ᠲᠣᠰ ᠰᠠᠷ᠎ᠠ ᠳᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 11 ᠡᠷᠦᠬᠡ ᠦᠢᠯᠡᠳᠪᠦᠷᠢᠯᠡᠯ ᠢᠶᠠᠨ | ᠵᠣᠭᠰᠣᠭᠠᠵᠤ᠂ ᠳᠡᠭᠡᠷ᠎ᠡ ᠰᠠᠷ᠎ᠠ ᠶᠢᠨ ᠬᠢ ᠠᠴᠠ 1 ᠡᠷᠦᠬᠡ ᠪᠠᠭᠠᠰᠴᠤ᠂ ᠦᠢᠯᠡᠳᠪᠦᠷᠢᠯᠡᠯ ᠵᠣᠭᠰᠣᠭᠰᠠᠨ ᠠᠵᠤ | ᠠᠬᠤᠶᠢᠯᠠᠯ 1 - 10 ᠳ᠋ᠤᠭᠠᠷ ᠰᠠᠷ᠎ᠠ ᠶᠢᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.3 | ᠳ᠋ᠦᠩᠰᠢᠭᠤᠷ ᠲᠥᠭᠦᠷᠢᠭ ᠪᠠᠭᠠᠰᠪᠠ᠃ | ︵ᠲᠠᠪᠤ︶ ᠦᠢᠯᠡᠳᠬᠦᠨ ᠤ ᠥᠷᠲᠡᠭ ᠨᠢ ᠰᠥᠬᠡᠷᠬᠦ ᠨᠡᠮᠡᠭᠳᠡᠯ ᠲᠠᠢ ᠠᠵᠤ ᠠᠬᠤᠶᠢᠯᠠᠯ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ 29 ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ ᠰᠥᠭᠡᠷᠭᠦ | ᠨᠡᠮᠡᠭᠳᠡᠯ ᠠᠵᠤ ᠠᠬᠤᠶᠢᠯᠠᠯ ᠪᠠᠶᠢᠪᠠ᠃ 1 - 10 ᠰᠠᠷ᠎ᠠ ᠳᠤ ᠦᠢᠯᠡᠳᠬᠦᠨ ᠤ ᠥᠷᠲᠡᠭ ᠢ 109.27 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠪᠠᠭᠤᠷᠠᠵᠤ᠂ ᠳᠣᠷᠣᠭᠰᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠶᠢ 5.4 ᠵᠠᠭᠤᠨ ᠤ ᠨᠢᠭᠡᠴᠢ ᠳᠣᠷᠤᠭᠰᠢᠯᠠᠭᠤᠯᠪᠠ᠃ | ︵ᠵᠢᠷᠭᠤᠭ᠎ᠠ︶ ᠭᠤᠷᠪᠠᠨ ᠶᠡᠭᠡ ᠭᠤᠤᠯ ᠠᠵᠢᠯ ᠲᠥᠷᠥᠯ᠃ 1 - 10 ᠰᠠᠷ᠎ᠠ ᠳᠤ᠂ ᠡᠨᠧᠷᠭᠢ᠂ ᠢᠳᠡᠭᠡᠨ | ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠦᠷᠳᠡᠭ 189.8 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠨᠡᠮᠡᠭᠳᠡᠵᠦ᠂ ᠶᠡᠷᠦᠩᠬᠡᠢ | ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 95.8% ᠶᠢ ᠡᠵᠡᠯᠡᠵᠦ᠂ ᠳᠡᠭᠡᠳᠦ | ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ | ᠨᠡᠮᠡᠭᠳᠡᠯ ᠤᠨ ᠬᠤᠷᠳᠤᠴᠠ ᠶᠢ 2.9 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ | ᠲᠥᠷᠥᠯ ᠤᠨ ᠦᠢᠯᠡᠳᠬᠦᠨ ᠤ ᠥᠷᠲᠡᠭ 74.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠥᠢᠯᠡᠳᠪᠥᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2 ᠵᠠᠭᠤᠨ ᠤ ᠨᠢᠭᠡᠴᠢ | ᠳᠡᠭᠡᠭᠰᠢᠯᠡᠭᠦᠯᠪᠡ︔ ᠢᠳᠡᠭᠡᠨ ᠡᠳ᠋ᠰᠢᠭᠦᠯᠬᠦ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 56.43 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠤᠷᠠᠵᠤ᠂ ᠶᠡᠷᠦᠩᠬᠡᠶ | ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ 28. | 5% ᠶᠢ ᠡᠵᠡᠯᠡᠵᠦ᠂ ᠳᠣᠷᠣᠭᠰᠢ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ | ᠥᠷᠲᠡᠭ ᠤᠨ ᠨᠡᠮᠡᠭᠳᠡᠯ ᠤᠨ ᠬᠤᠷᠳᠤᠴᠠ ᠶᠢ 1.6 ᠵᠠᠭᠤᠨ ᠤ ᠨᠢᠭᠡᠴᠢ ᠳᠣᠷᠤᠭᠰᠢᠯᠠᠭᠤᠯᠪᠠ︔ ᠬᠢᠮᠢ ᠶᠢᠨ ᠠᠵᠤ | ᠥᠢᠯᠡᠳᠪᠥᠷᠢ ᠶᠢᠨ ᠠᠵᠢᠯ ᠲᠥᠷᠥᠯ ᠤᠨ ᠥᠢᠯᠡᠳᠬᠦᠨ ᠤ ᠥᠷᠲᠡᠭ 59.33 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ 29.9% ᠶᠢ ᠡᠵᠡᠯᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.5 ᠵᠠᠭᠤᠨ ᠤ | ᠨᠢᠭᠡᠴᠢ ᠳᠡᠭᠡᠭᠰᠢᠯᠡᠭᠦᠯᠪᠡ᠃ | ︵ᠳᠤᠯᠤᠭ᠎ᠠ︶ ᠭᠤᠤᠯ ᠪᠤᠯᠬᠤ ᠠᠵᠤ ᠥᠢᠯᠡᠳᠪᠥᠷᠢ ᠶᠢᠨ ᠪᠦᠲᠦᠭᠡᠭᠳᠡᠬᠦᠨ ᠤ ᠭᠠᠷᠤᠯᠲᠠ᠃ 1 - 10 | ᠰᠠᠷ᠎ᠠ ᠳᠤ᠂ ᠲᠦᠭᠦᠬᠡᠶ ᠨᠡᠭᠦᠷᠡᠰᠦᠨ ᠤ ᠭᠠᠷᠤᠯᠲᠠ 1428 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ᠂ ᠡᠭᠦᠨ ᠳᠤ᠄ ᠫᠢᠩ ᠮᠧᠶ ᠪᠦᠯᠦᠭᠯᠡᠯ ᠤᠨ ᠲᠦᠭᠦᠬᠡᠶ | ᠨᠡᠭᠦᠷᠡᠰᠦᠨ ᠤ ᠭᠠᠷᠤᠯᠲᠠ 1373 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17. | 5% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 95.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.5% ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ | ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 64.6 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠪᠠᠭᠤᠷᠠᠪᠠ︔ ᠬᠡᠦᠷᠡᠰᠦ ᠶᠢᠨ ᠭᠠᠷᠤᠯᠲᠠ 46 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠪᠠᠭᠤᠷᠠᠪᠠ︔ ᠰᠢᠩᠭᠡᠨ ᠪᠡᠶᠡᠲᠦ ᠰᠦ ᠶᠢᠨ | ᠭᠠᠷᠤᠯᠲᠠ 9.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠪᠠᠭᠤᠷᠠᠪᠠ︔ | ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 37 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ | ︵ᠨᠠᠢᠮᠠ︶ ᠠᠵᠤ ᠠᠬᠤᠶᠢᠯᠠᠯ ᠤᠨ ᠦᠷ᠎ᠡ ᠠᠰᠢᠭ᠃ 1 - 10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 202 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ ᠡᠵᠡᠩᠨᠡᠯᠲᠡ ᠶᠢᠨ ᠠᠰᠢᠭ ᠬᠤᠨᠵᠢᠪᠣᠷᠢ 2.2 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7 ᠳ᠋ᠦᠩᠰᠢᠭᠤᠷ ᠲᠥᠭᠦᠷᠢᠭ ᠪᠠᠭᠠᠰᠪᠠ᠃ | ︵ᠶᠢᠰᠦ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ 1 - 10 ᠰᠠᠷ᠎ᠠ ᠳᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ 146.2 ᠲᠦᠮᠡᠨ ᠲᠣᠨ | ᠪᠠᠷᠢᠮᠵᠢᠶᠠᠲᠤ ᠨᠡᠭᠦᠷᠡᠰᠦ ︵ᠲᠡᠩᠴᠡᠭᠦᠦ ᠦᠷᠳᠡᠭ︶ ᠪᠠᠶᠢᠪᠠ᠃︶ ᠠᠳᠠᠯᠢ ᠬᠤᠭᠤᠴᠠᠭᠠᠨ ᠤ ᠬᠢ ᠠᠴᠠ 7.9 | ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ᠃ | ᠴᠠᠬᠢᠯᠭᠠᠨ ᠬᠦᠴᠦᠨ ᠤ ᠬᠡᠷᠡᠭᠯᠡᠭᠡ 23.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.6% ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ | 1 - 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ 137 ᠲᠥᠷᠥᠯ ᠵᠦᠢᠯ ︵ᠬᠡᠷ ᠪᠠᠶᠢᠰᠢᠩ | ᠭᠠᠵᠠᠷ ᠬᠥᠷᠥᠩᠭᠡ ᠶᠢᠨ ᠲᠥᠷᠥᠯ ᠵᠦᠢᠯ 4 ᠶᠢ ᠪᠠᠭᠲᠠᠭᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠲᠥᠷᠥᠯ | ᠵᠦᠢᠯ 120 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ 78.3 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ ︵ᠹᠸᠢ ᠳ᠋ᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢ | 3.34 ᠳ᠋ᠦᠩᠰᠢᠭᠤᠷ ᠲᠥᠭᠦᠷᠢᠭ ᠢ ᠨᠢᠭᠡᠨᠲᠡ ᠬᠠᠰᠤᠪᠠ︶᠂ ᠠᠳᠠᠯᠢ ᠬᠤᠭᠤᠴᠠᠭᠠᠨ ᠤ ᠬᠢ ᠠᠴᠠ 16.7% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 1.1 ᠵᠠᠭᠤᠨ ᠤ ᠨᠢᠭᠡᠴᠢ | ᠳᠣᠤᠷ᠎ᠠ ᠪᠠᠶᠢᠨ᠎ᠠ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ | ᠲᠥᠷᠥᠯ ᠵᠦᠢᠯ 83 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠪᠠᠭᠲᠠᠭᠠᠬᠤ ᠥᠬᠡᠶ︶ ᠪᠠᠶᠢᠵᠤ᠂ | 71.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃ | ᠠᠵᠤ ᠦᠢᠯᠡᠰ ᠢᠶᠠᠷ ᠬᠤᠪᠢᠶᠠᠵᠤ ᠥᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠳᠤ 8.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 252. | 8% ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 11.0% ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 48.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ 1.4% ᠪᠠᠷ ᠪᠠᠭᠤᠷᠠᠵᠤ᠂ ᠶᠡᠷᠦᠩᠬᠡᠶ ᠬᠡᠮᠵᠢᠶᠡᠨ ᠤ 62.4% ᠶᠢ ᠡᠵᠡᠯᠡᠪᠡ︔ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 20.8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 38.1% ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 26.6% ᠶᠢ ᠡᠵᠡᠯᠡᠪᠡ᠃ | ᠭᠠᠵᠠᠷ ᠣᠷᠤᠨ ᠢᠶᠠᠷ ᠬᠤᠪᠢᠶᠠᠵᠤ ᠥᠵᠡᠪᠡᠯ᠂ ᠠᠵᠤ ᠦᠢᠯᠡᠰ ᠤᠨ ᠬᠦᠷᠢᠶᠡᠯᠡᠩ ᠤᠨ ᠪᠡᠯᠡ | ᠣᠷᠤᠭᠤᠯᠤᠯᠲᠠ ᠶᠢᠨ ᠲᠦᠷᠦᠯ ᠵᠦᠢᠯ ᠳᠤ 1.7 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ ᠲᠦᠷᠦᠯ ᠵᠦᠢᠯ ᠳᠤ 27.8 ᠳ᠋ᠥᠩᠰᠢᠭᠤᠷ ᠲᠦᠭᠦᠷᠢᠭ ᠤᠨ ᠪᠡᠯᠡ | ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 35.4% ᠶᠢ ᠡᠵᠡᠯᠡᠪᠡ︔ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠤᠨ ᠤ ᠪᠡᠯᠡ | ᠣᠷᠤᠭᠤᠯᠤᠯᠲᠠ ᠶᠢᠨ ᠲᠦᠷᠦᠯ ᠵᠦᠢᠯ ᠳᠤ 250 ᠳ᠋ᠥᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 31.9% ᠶᠢ ᠡᠵᠡᠯᠡᠪᠡ︔ ᠲᠣᠭᠤᠷᠢᠭ ᠤᠨ ᠰᠢᠭᠤᠳ ᠬᠠᠷᠢᠶ᠎ᠠ | ᠰᠠᠯᠠᠭ᠎ᠠ ᠮᠦᠴᠢᠷ ᠤᠨ ᠪᠡᠯᠡ ᠣᠷᠤᠭᠤᠯᠤᠯᠲᠠ ᠶᠢᠨ ᠲᠦᠷᠦᠯ ᠵᠦᠢᠯ ᠳᠤ 5.8 ᠳ᠋ᠥᠩᠰᠢᠭᠤᠷ ᠲᠦᠭᠦᠷᠢᠭ ᠤᠨ ᠪᠡᠯᠡ | ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 5.1 ᠳ᠋ᠥᠩᠰᠢᠭᠤᠷ ᠲᠦᠭᠦᠷᠢᠭ ᠤᠨ ᠪᠡᠯᠡ | ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 6.5% ᠶᠢ ᠡᠵᠡᠯᠡᠵᠡᠢ᠃ | ᠪᠡᠯᠡ ᠣᠷᠤᠭᠤᠯᠤᠯᠲᠠ ᠶᠢᠨ ᠬᠡᠪᠴᠢᠶ᠎ᠡ ᠪᠠᠷ ᠦᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢᠨ ᠲᠥᠷᠥᠯ ᠵᠥᠢᠯ 9 ᠪᠠᠶᠢᠵᠤ᠂ 36.8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 47.0% ᠶᠢ ᠡᠵᠡᠯᠡᠪᠡ︔ 5 - 10 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠥᠢᠯ 8 ᠪᠠᠶᠢᠵᠤ᠂ 13.6 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 17.3% ᠶᠢ ᠡᠵᠡᠯᠡᠪᠡ︔ 1.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢᠨ ᠲᠥᠷᠥᠯ ᠵᠦᠶ᠋ᠯ 45 ᠪᠠᠶᠢᠵᠤ᠂ 17.9 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 22.8% ᠶᠢ ᠡᠵᠡᠯᠡᠪᠡ︔ 15.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢᠨ ᠲᠥᠷᠥᠯ ᠵᠥᠢᠯ 25 ᠪᠠᠶᠢᠵᠤ᠂ 5.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 7.0% ᠶᠢ ᠡᠵᠡᠯᠡᠪᠡ︔ 0.5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ | ᠪᠡᠯᠡ ᠣᠷᠣᠭᠤᠯᠤᠯᠲᠠ ᠶᠢᠨ ᠲᠥᠷᠥᠯ ᠵᠥᠢᠯ 50 ᠪᠠᠶᠢᠵᠤ᠂ 4.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 5.9% ᠶᠢ ᠡᠵᠡᠯᠡᠪᠡ᠃ | ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠠᠴᠠ ᠦᠵᠡᠪᠡᠯ᠂ ᠦᠷᠭᠦᠯᠵᠢᠯᠡᠨ | ᠪᠠᠶᠢᠭᠤᠯᠬᠤ ᠪᠡᠯᠡ ᠣᠷᠣᠭᠤᠯᠤᠯᠲᠠ ᠶᠢᠨ ᠲᠥᠷᠥᠯ ᠵᠦᠢᠯ 82 ᠪᠠᠶᠢᠵᠤ᠂ ᠪᠦᠬᠦ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ 59.9% ᠶᠢ ᠡᠵᠡᠯᠡᠵᠦ᠂ 52.0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢᠨ 66.4% ᠶᠢ ᠡᠵᠡᠯᠡᠪᠡ︔ ᠰᠢᠨ᠎ᠡ ᠪᠠᠷ ᠪᠠᠶᠢᠭᠤᠯᠬᠤ ᠪᠡᠯᠡ | ᠣᠷᠣᠭᠤᠯᠤᠯᠲᠠ ᠶᠢᠨ ᠲᠥᠷᠥᠯ ᠵᠦᠢᠯ 55 ᠪᠠᠶᠢᠵᠤ᠂ ᠪᠦᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 40. | 1% ᠶᠢ ᠡᠵᠡᠯᠡᠵᠦ᠂ 26.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ | ᠪᠡᠯᠡ ᠣᠷᠣᠭᠤᠯᠤᠯᠲᠠ ᠶᠢᠨ 33.6% ᠶᠢ ᠡᠵᠡᠯᠡᠪᠡ᠃ | ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠢᠶᠠᠷ ᠥᠵᠡᠪᠡᠯ᠂ 137 ᠪᠡᠯᠡ ᠣᠷᠣᠭᠤᠯᠤᠯᠲᠠ ᠶᠢᠨ | ᠬᠥᠮᠥᠷᠭᠡ ᠶᠢᠨ ᠲᠥᠷᠥᠯ ᠵᠦᠢᠯ ᠤᠨ ᠳᠣᠲᠣᠷ᠎ᠠ 17 ᠲᠥᠷᠥᠯ ᠵᠦᠢᠯ ᠠᠵᠢᠯ ᠡᠬᠢᠯᠡᠭᠦᠯᠦᠭᠰᠡᠨ ᠦᠭᠡᠢ᠂ ᠡᠨᠡ ᠨᠢ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 12.4% ᠶᠢ ᠡᠵᠡᠯᠡᠵᠦ ᠪᠠᠶᠢᠨ᠎ᠠ᠂ ᠡᠭᠦᠨ ᠳᠤ 8 ᠪᠡᠯᠡ | ᠣᠷᠣᠭᠤᠯᠤᠯᠲᠠ ᠶᠢᠨ ᠲᠥᠷᠥᠯ ᠵᠦᠢᠯ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠡᠨᠡ ᠵᠢᠯ ᠬᠥᠮᠥᠷᠭᠡ ᠶᠢ | ᠪᠤᠴᠠᠭᠠᠬᠤ ᠪᠠᠷ ᠪᠡᠯᠡᠳᠬᠡᠵᠦ ᠪᠠᠶᠢᠨ᠎ᠠ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠭᠦᠪᠡ | 10 ᠰᠠᠷ᠎ᠠ ᠳᠤ ᠠᠷᠠᠯᠵᠢᠶᠠᠨ ᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 2321 ᠲᠦᠮᠡᠨ | ᠲᠥᠭᠦᠷᠢᠭ ᠲᠤ ᠬᠦᠷᠴᠦ᠂ 13.5% ᠪᠠᠷ ᠨᠡᠮᠡᠭᠳᠡᠪᠡ᠃ 1-10 ᠰᠠᠷ᠎ᠠ ᠳᠤ ᠠᠷᠠᠯᠵᠢᠶᠠᠨ ᠤ ᠠᠵᠤ | ᠠᠬᠤᠶᠢᠯᠠᠯ ᠤᠨ ᠰᠤᠯᠠ ᠪᠠᠷ ᠬᠤᠳᠠᠯᠳᠤᠭᠰᠠᠨ ᠬᠡᠮᠵᠢᠶ᠎ᠡ 2 8374.9 ᠲᠦᠮᠡᠨ ᠲᠥᠭᠦᠷᠢᠭ ᠬᠦᠷᠴᠦ᠂ 14. | 8% ᠪᠠᠷ ᠨᠡᠮᠡᠭᠳᠡᠵᠡᠢ᠃ | 1 - 10 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 35.92 ᠳ᠋ᠦᠩᠰᠢᠭᠤᠷ ᠲᠥᠭᠦᠷᠢᠭ ᠲᠤ ᠬᠦᠷᠴᠦ᠂ 4.1% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠲᠦᠷᠦᠭᠦᠤ ᠭᠤᠷᠪᠠᠨ ᠤᠯᠠᠷᠢᠯ ᠤᠨ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠪᠡ | ᠃ | ᠳᠥᠷᠪᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠤᠳᠠᠭᠠᠰᠢᠷᠠᠵᠤ᠂ ᠵᠠᠷᠤᠯᠭ᠎ᠠ ᠦᠷᠭᠦᠯᠵᠢᠯᠡᠨ ᠪᠠᠭᠤᠷᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠭᠲᠠᠭᠤᠨ ᠢᠶᠠᠷ ᠨᠡᠮᠡᠭᠳᠡᠪᠡ | 1 - 10 ᠳ᠋ᠤᠭᠠᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 14.62 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠨ᠂ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 24.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 25.1% ᠪᠠᠷ | ᠪᠠᠭᠤᠷᠠᠪᠠ᠃ 10 ᠰᠠᠷ᠎ᠠ ᠶᠢᠨ ᠰᠡᠭᠦᠯᠴᠢ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ | ᠬᠠᠳᠠᠭᠠᠯᠠᠮᠵᠢ ᠶᠢᠨ ᠦᠯᠡᠳᠡᠪᠦᠷᠢ 360.58 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ | 4.8% ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 324.9 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 6% ᠪᠠᠷ ᠨᠡᠮᠡᠭᠳᠡᠪᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 281.71 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠡᠬᠢᠨ ᠠᠴᠠ 10.2% ᠨᠡᠮᠡᠭᠳᠡᠪᠡ᠃ | |