ᠯᠢ ᠵᠢᠩ ᠵᠢᠩ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 22᠎ ᠤᠨ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠩ ᠵᠢᠩ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
a1_副本.jpg
        ᠯᠢ ᠵᠢᠩ ᠵᠢᠩ ᠨᠡᠷ ᠤᠷᠢᠳ ᠬᠤᠵᠢᠳ ᠶᠤᠸᠠᠨ ᠪᠦᠦ ᠱᠠᠨ ᠪᠠᠯᠭᠠᠰᠤᠨ ᠤ ᠮᠠ ᠵᠢᠶᠠ ᠽᠢ ᠲᠣᠰᠬᠤᠨ᠂ ᠮᠤᠬᠤᠷ ᠭᠤᠣᠯ ᠪᠠᠯᠭᠠᠰᠤᠨ ᠤ ᠰᠢᠨ ᠠᠨ ᠳᠦᠨ ᠲᠣᠰᠬᠤᠨ᠂ ᠫᠢᠩᠵᠤᠸᠠᠩ ᠪᠠᠯᠭᠠᠰᠤᠨ ᠤ ᠰᠢᠨ ᠵᠢᠩ ᠲᠣᠰᠬᠤᠨ ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠣᠳᠣᠬᠢ ᠪᠠᠶᠢᠳᠠᠯ᠂ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠪᠠᠶᠢᠳᠠᠯ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠵᠡᠷᠭᠡ ᠶᠢ ᠲᠤᠬᠠᠶ ᠶᠢᠨ ᠭᠠᠵᠠᠷ ᠲᠤᠨᠢ ᠣᠶᠢᠯᠠᠭᠠᠪᠠ᠃
a2_副本.jpg
a3_副本.jpg
        ᠯᠢ ᠵᠢᠩ ᠵᠢᠩ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠬᠥᠩᠭᠡᠷᠡᠭᠦᠯᠬᠦ᠂ ᠡᠪᠡᠳᠴᠢᠨ ᠠᠴᠠ ᠪᠣᠯᠵᠣ ᠶᠠᠳᠠᠭᠤᠷᠠᠬᠤ ᠶᠢ ᠰᠡᠷᠭᠡᠶᠢᠯᠡᠬᠦ ᠪᠠ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠠᠵᠢᠯ ᠤᠨ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠠᠬᠢᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ᠂ ᠳᠠᠭᠠᠳᠬᠠᠯ ᠲᠠᠰᠤᠯᠳᠠᠬᠤ᠂ ᠬᠦᠯᠢᠶᠡᠬᠦ ᠬᠤᠭᠤᠴᠠᠭᠠᠨ ᠤ ᠲᠣᠬᠢᠷᠠᠭᠤᠯᠤᠯᠲᠠ ᠵᠡᠷᠭᠡ ᠰᠢᠨ᠎ᠡ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠠᠷᠠᠯᠲᠠ ᠶᠢᠨ ᠲᠣᠭᠤᠷᠢᠨ ᠳᠤ ᠠᠵᠢᠯ ᠤᠨ ᠪᠡᠶᠡᠯᠡᠭᠦᠯᠦᠭᠰᠡᠨ ᠠᠬᠢᠴᠠ ᠶᠢ ᠣᠨᠣᠪᠴᠢᠲᠠᠶ ᠡᠵᠡᠮᠰᠢᠵᠦ᠂ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠵᠠᠳᠠᠯᠵᠤ᠂ ᠳᠠᠭᠠᠳᠬᠠᠯ ᠳᠤ ᠣᠷᠣᠯᠴᠠᠭᠰᠠᠨ ᠥᠬᠡᠶ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠳᠠᠭᠠᠳᠬᠠᠯ ᠳᠤ ᠣᠷᠣᠯᠴᠠᠵᠤ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠪᠠᠷ ᠴᠢᠷᠮᠠᠶᠢᠬᠤ ᠬᠡᠷᠡᠭᠲᠡᠶ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1