︵2024 ᠣᠨ ᠤ 10 ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 272 ᠳ᠋ᠤᠭᠠᠷ ᠲᠣᠭᠠᠲᠤ ᠪᠠᠷ ᠨᠡᠶᠢᠲᠡᠯᠡᠪᠡ᠃ 2024 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃︶ | | ᠨᠢᠭᠡᠳᠦᠭᠡᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ | ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠠᠶᠤᠯ ᠦᠭᠡᠢ ᠪᠠᠷ ᠠᠵᠢᠯᠯᠠᠬᠤ ᠶᠢ ᠪᠠᠲᠤᠯᠠᠨ᠂ ᠬᠤᠲᠠ ᠪᠠᠯᠭᠠᠰᠤ ᠶᠢᠨ ᠤᠰᠤᠨ ᠤ | ᠪᠣᠬᠢᠷᠲᠤᠯ ᠪᠠ ᠤᠰᠤᠲᠤᠯ ᠤᠨ ᠭᠠᠮᠰᠢᠭ ᠢ ᠰᠡᠷᠭᠡᠶᠢᠯᠡᠨ ᠵᠠᠰᠠᠵᠤ᠂ ᠠᠷᠠᠳ ᠢᠷᠭᠡᠳ ᠤᠨ ᠠᠮᠢ ᠨᠠᠰᠤ᠂ ᠡᠳ᠋ | ᠬᠥᠷᠥᠩᠭᠡ ᠶᠢᠨ ᠠᠮᠤᠷ ᠲᠦᠪᠰᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠨ᠂ ᠣᠷᠴᠢᠨ ᠲᠣᠭᠤᠷᠢᠨ ᠢ | ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠬᠠᠤᠯᠢ︾ ᠪᠠ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ | ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠬᠤᠲᠠ | ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠯᠦᠪᠵᠢᠭᠦᠯᠭᠡ᠂ ᠬᠤᠲᠠ | ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠂ ᠠᠷᠠᠴᠢᠯᠠᠯᠲᠠ ᠬᠢᠭᠡᠳ ᠬᠠᠮᠠᠭᠠᠯᠠᠯᠲᠠ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠪᠠᠷ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠵᠢᠴᠢ ᠬᠤᠲᠠ ᠪᠠᠯᠭᠠᠰᠤ ᠶᠢᠨ ᠤᠰᠤᠲᠤᠯ ᠢ ᠰᠡᠷᠭᠡᠶᠢᠯᠡᠨ | ᠵᠠᠰᠠᠬᠤ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠲᠠᠷᠢᠶᠠᠯᠠᠬᠤ | ᠮᠠᠯᠵᠢᠬᠤ ᠣᠷᠣᠨ ᠳᠤ ᠬᠦᠷᠲᠡᠯ᠎ᠡ ᠤᠷᠲᠤᠳᠬᠠᠬᠤ ᠳᠤ ᠬᠦᠷᠪᠡᠯ᠂ ᠲᠡᠭᠦᠨ ᠤ ᠪᠦᠲᠦᠭᠡᠨ ᠪᠠᠶᠢᠭᠤᠯᠤᠯᠲᠠ᠂ | ᠠᠷᠠᠴᠢᠯᠠᠯᠲᠠ᠂ ᠬᠠᠮᠠᠭᠠᠯᠠᠯᠲᠠ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠲᠣᠰ | ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠰᠢᠢᠳᠪᠦᠷᠢᠯᠡᠬᠦ ᠪᠡᠯᠡᠳᠬᠡᠮᠵᠢ ᠵᠢᠴᠢ ᠲᠡᠭᠦᠨ ᠤ | ᠲᠥᠬᠦᠷᠵᠢᠭᠦᠯᠦᠭᠰᠡᠨ ᠤᠰᠤ ᠲᠠᠲᠠᠷᠠᠭᠤᠯᠬᠤ ᠪᠡᠯᠡᠳᠬᠡᠮᠵᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠤᠳᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ | ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ | ᠂ ᠪᠠᠶᠢᠭᠠᠯᠢ ᠶᠢ ᠬᠦᠨᠳᠦᠳᠬᠡᠬᠦ᠂ ᠨᠢᠭᠡᠳᠦᠯᠲᠡᠢ ᠲᠥᠯᠥᠪᠵᠢᠭᠦᠯᠬᠦ᠂ ᠳᠦᠬᠦᠷᠵᠢᠭᠦᠯᠵᠦ ᠪᠦᠲᠦᠭᠡᠨ ᠪᠠᠶᠢᠭᠤᠯᠬᠤ᠂ ᠠᠮᠤᠷ | ᠲᠦᠪᠰᠢᠨ ᠢ ᠪᠠᠲᠤᠯᠠᠬᠤ᠂ ᠶᠡᠷᠦᠩᠬᠡᠶᠢᠯᠡᠨ ᠠᠰᠢᠭᠯᠠᠬᠤ ᠵᠠᠷᠴᠢᠮ ᠢ ᠵᠢᠷᠤᠮᠯᠠᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠠᠵᠢᠯ ᠳᠠᠬᠢ | ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ | ᠤᠰᠤ ᠶᠢ ᠰᠢᠢᠳᠪᠦᠷᠢᠯᠡᠬᠦ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠣᠷᠣᠭᠤᠯᠤᠨ᠂ ᠡᠳ᠋ ᠤᠨ ᠵᠠᠰᠠᠭ ᠤᠨ ᠲᠥᠰᠥᠪ ᠪᠠ ᠪᠤᠰᠤᠳ ᠠᠷᠭ᠎ᠠ ᠵᠠᠮ ᠢᠶᠠᠷ | ᠳᠠᠮᠵᠢᠭᠤᠯᠤᠨ ᠪᠡᠯᠡ ᠮᠥᠩᠭᠦ ᠴᠤᠭᠯᠠᠭᠤᠯᠵᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠬᠤ᠂ ᠥᠭᠡᠷᠡᠴᠢᠯᠡᠨ ᠰᠢᠨᠡᠳᠬᠡᠬᠦ ᠠᠵᠢᠯ ᠢ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠠᠵᠢᠯ ᠤᠨ ᠴᠢᠬᠤᠯᠠ | ᠶᠡᠭᠡ ᠵᠦᠢᠯᠡᠰ ᠢ ᠵᠣᠬᠢᠴᠠᠭᠤᠯᠵᠤ ᠰᠢᠢᠳᠪᠦᠷᠢᠯᠡᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠭᠡᠵᠦ ᠨᠡᠷᠡᠶᠢᠳᠦᠨ᠎ᠡ︶ ᠨᠢ ᠲᠤᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠳᠤ ᠬᠢᠨᠠᠯᠲᠠ ᠬᠠᠮᠢᠶᠠᠷᠤᠯᠲᠠ | ᠬᠢᠬᠦ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ | ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠳᠠᠬᠢ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠣᠨᠴᠠ ᠵᠥᠪᠰᠢᠶᠡᠷᠡᠯ ᠲᠠᠢ ᠡᠵᠡᠩᠨᠡᠬᠦ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠨᠡᠶᠢᠭᠡᠮ ᠤᠨ ᠪᠡᠯᠡ | ᠮᠥᠩᠭᠦ ᠶᠢ ᠲᠠᠲᠠᠵᠤ ᠬᠤᠳᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢᠨ ᠪᠡᠯᠡ ᠣᠷᠤᠭᠤᠯᠤᠯᠲᠠ᠂ ᠪᠦᠲᠦᠭᠡᠨ ᠪᠠᠶᠢᠭᠤᠯᠤᠯᠲᠠ ᠪᠠ ᠡᠵᠡᠩᠨᠡᠬᠦ ᠠᠵᠢᠯᠯᠠᠭᠠᠨ ᠳᠤ | ᠣᠷᠣᠯᠴᠠᠭᠤᠯᠬᠤ ᠶᠢ ᠵᠣᠷᠢᠭᠵᠢᠭᠤᠯᠤᠨ᠎ᠠ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠬᠢ ᠡᠭᠦᠰᠦᠯ ᠠᠴᠠ ᠨᠢ ᠭᠠᠳᠠᠭᠰᠢᠯᠠᠭᠤᠯᠤᠯᠲᠠ ᠶᠢ ᠪᠠᠭᠠᠰᠬᠠᠬᠤ᠂ | ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ᠂ ᠤᠰᠤᠲᠤᠯ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ ᠬᠢᠬᠦ ᠪᠠᠨ | ᠴᠢᠩᠭᠠᠳᠬᠠᠵᠤ᠂ ᠨᠡᠶᠢᠭᠡᠮ ᠳᠠᠶᠠᠭᠠᠷ ᠤᠨ ᠰᠢᠨᠵᠢᠯᠡᠬᠦ ᠤᠬᠠᠭᠠᠨᠴᠢ᠂ ᠠᠶᠤᠯ ᠦᠭᠡᠢ᠂ ᠵᠢᠷᠤᠮᠵᠢᠭᠤᠨ ᠢᠶᠠᠷ ᠤᠰᠤ | ᠬᠡᠷᠡᠭᠯᠡᠬᠦ ᠪᠠ ᠤᠰᠤ ᠲᠠᠲᠠᠷᠠᠭᠤᠯᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠨᠢ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠵᠢᠴᠢ ᠪᠣᠬᠢᠷ ᠤᠰᠤ᠂ ᠪᠤᠵᠠᠷ | ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠯ᠎ᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ | ᠥᠷᠨᠢᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢᠨ ᠭᠠᠵᠠᠷ ᠵᠦᠢ ᠶᠢᠨ ᠮᠡᠳᠡᠭᠡ | ᠵᠠᠩᠭᠢ ᠶᠢᠨ ᠰᠢᠰᠲ᠋ᠧᠮ ᠢ ᠪᠠᠶᠢᠭᠤᠯᠵᠤ᠂ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠪᠣᠷᠣᠭᠠᠨ ᠤ | ᠤᠰᠤ᠂ ᠪᠣᠬᠢᠷ ᠤᠰᠤ ᠪᠠ ᠳᠠᠬᠢᠯᠲᠠ ᠤᠰᠤᠨ ᠤ ᠬᠤᠭᠤᠯᠠᠢ ᠭᠤᠤᠷᠰᠤ ᠶᠢᠨ ᠲᠣᠣᠷ ᠵᠡᠷᠭᠡ ᠪᠡᠯᠡᠳᠬᠡᠮᠵᠢ ᠶᠢᠨ ᠲᠤᠭ᠎ᠠ | ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ ᠲᠣᠭᠲᠠᠴᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠲᠤᠭ᠎ᠠ | ᠪᠠᠷᠢᠮᠲᠠ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ | ᠶᠢᠰᠦᠳᠦᠭᠡᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠤᠰ ᠭᠠᠵᠠᠷ ᠣᠷᠣᠨ ᠤ ᠪᠠᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠵᠢᠴᠢ ᠭᠠᠵᠠᠷ ᠵᠦᠢ᠂ ᠠᠭᠤᠷ ᠠᠮᠢᠰᠬᠤᠯ ᠤᠨ | ᠣᠨᠴᠠᠯᠢᠭ ᠢ ᠦᠨᠳᠦᠰᠦᠯᠡᠵᠦ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠶᠢ ᠦᠨᠳᠦᠰᠦᠯᠡᠨ | ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ | ᠰᠢᠢᠳᠪᠦᠷᠢᠯᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠠᠮᠠᠷᠬᠠᠨ ᠤᠰᠤᠳᠤᠯ ᠡᠭᠦᠰᠬᠦ ᠬᠤᠲᠠ ᠪᠠᠯᠭᠠᠰᠤ ᠨᠢ ᠪᠠᠰᠠ ᠬᠤᠲᠠ ᠪᠠᠯᠭᠠᠰᠤᠨ ᠤ ᠪᠠᠨ ᠤᠰᠤᠲᠤᠯ ᠢ | ᠰᠡᠷᠭᠡᠶᠢᠯᠡᠨ ᠵᠠᠰᠠᠬᠤ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠲᠤᠰ ᠵᠠᠰᠠᠭ | ᠵᠠᠬᠢᠷᠭᠠᠨ ᠤ ᠣᠷᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ | ᠲᠥᠯᠦᠪᠵᠢᠭᠦᠯᠭᠡ ᠳᠤ ᠪᠠᠨ ᠣᠷᠣᠭᠤᠯᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠨᠠᠶᠢᠷᠠᠭᠤᠯᠤᠨ ᠵᠣᠬᠢᠶᠠᠭᠰᠠᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ | ᠲᠥᠯᠦᠪᠵᠢᠭᠦᠯᠭᠡ ᠪᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠬᠠᠮᠲᠤ᠂ ᠳᠡᠭᠡᠷ᠎ᠡ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠬᠤᠳᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠯᠦᠪᠵᠢᠭᠦᠯᠭᠡ ᠪᠠᠨ | ᠵᠥᠪᠰᠢᠶᠡᠷᠡᠭᠦᠯᠦᠭᠡᠳ ᠨᠡᠶᠢᠲᠡᠯᠡᠮᠡᠭᠴᠡ ᠴᠢᠩᠭ᠎ᠠ ᠬᠡᠷᠡᠭᠵᠢᠭᠦᠯᠬᠦ ᠬᠡᠷᠡᠭᠲᠡᠶ︔ ᠠᠵᠤ ᠠᠬᠤᠢ ᠨᠡᠶᠢᠭᠡᠮ ᠤᠨ | ᠬᠥᠭᠵᠢᠯᠲᠡ ᠠᠴᠠ ᠪᠣᠯᠵᠤ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠤᠤᠯ ᠤᠨ ᠬᠢᠨᠠᠨ | ᠵᠥᠪᠰᠢᠶᠡᠷᠡᠭᠦᠯᠬᠦ ᠲᠠᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠠᠷᠪᠠᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ | ᠲᠥᠯᠦᠪᠵᠢᠭᠦᠯᠭᠡ ᠪᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ᠂ ᠵᠠᠮ ᠭᠤᠳᠤᠰ᠂ | ᠵᠦᠯᠭᠡ ᠭᠠᠵᠠᠷ᠂ ᠤᠰᠤᠨ ᠰᠢᠰᠲ᠋ᠧᠮ᠂ ᠬᠠᠶᠢᠮᠢᠶᠠᠨ ᠬᠤᠲᠠ᠂ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ | ᠬᠤᠩᠭᠢᠯ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠯᠦᠭᠡ ᠵᠣᠯᠭᠠᠭᠤᠯᠬᠤ ᠶᠢᠨ ᠬᠠᠮᠲᠤ᠂ ᠲᠥᠯᠦᠪᠵᠢᠭᠦᠯᠭᠡ ᠳᠤ | ᠳᠣᠣᠷ᠎ᠠ ᠵᠢᠭᠰᠠᠭᠠᠭᠰᠠᠨ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠢ᠄ | ︵ᠨᠢᠭᠡ︶ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠬᠠᠷᠠᠯᠲᠠ ᠬᠢᠭᠡᠳ ᠪᠠᠷᠢᠮᠵᠢᠶ᠎ᠠ︔ | ︵ᠬᠤᠶᠠᠷ︶ ᠤᠰᠤ ᠲᠠᠲᠠᠷᠠᠭᠤᠯᠬᠤ ᠬᠡᠮᠵᠢᠶ᠎ᠡ ᠬᠢᠭᠡᠳ ᠤᠰᠤ ᠲᠠᠲᠠᠷᠠᠭᠤᠯᠬᠤ ᠬᠡᠪ ᠵᠠᠭᠪᠤᠷ︔ | ︵ᠭᠤᠷᠪᠠ︶ ᠪᠣᠬᠢᠷ ᠤᠰᠤ ᠶᠢ ᠰᠢᠢᠳᠪᠦᠷᠢᠯᠡᠬᠦ ᠪᠠ ᠳᠠᠬᠢᠨᠲᠠ ᠠᠰᠢᠭᠯᠠᠬᠤ᠂ ᠪᠤᠵᠠᠷ ᠰᠢᠪᠠᠷ ᠢ ᠰᠢᠢᠳᠪᠦᠷᠢᠯᠡᠵᠦ | ᠲᠣᠬᠢᠷᠠᠭᠤᠯᠬᠤ ᠱᠠᠭᠠᠷᠳᠠᠯᠭ᠎ᠠ︔ | ︵ᠳᠥᠷᠪᠡ︶ ᠤᠰᠤᠲᠤᠯ ᠢ ᠲᠠᠲᠠᠷᠠᠭᠤᠯᠬᠤ ᠠᠷᠭ᠎ᠠ ᠬᠡᠮᠵᠢᠶ᠎ᠡ︔ | ︵ᠲᠠᠪᠤ︶ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠬᠡᠪᠴᠢᠶᠡᠵᠢᠯ᠂ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠭᠤᠯᠭ᠎ᠠ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠤᠷᠢᠳ ᠢᠶᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠵᠠᠷᠴᠢᠮ ᠶᠣᠰᠣᠭᠠᠷ᠂ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠯᠦᠪᠵᠢᠭᠦᠯᠭᠡ ᠪᠠᠨ | ᠦᠨᠳᠦᠰᠦᠯᠡᠨ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠤᠭᠤᠯᠠᠢ ᠭᠤᠤᠷᠰᠤ ᠶᠢᠨ ᠲᠣᠣᠷ᠂ | ᠬᠥᠭᠡᠷᠭᠡ ᠶᠢᠨ ᠥᠷᠳᠡᠭᠡ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠢᠴᠢ ᠪᠤᠵᠠᠷ ᠰᠢᠪᠠᠷ ᠢ ᠰᠢᠢᠳᠪᠦᠷᠢᠯᠡᠵᠦ | ᠲᠣᠬᠢᠷᠠᠭᠤᠯᠬᠤ᠂ ᠳᠠᠬᠢᠯᠲᠠ ᠤᠰᠤ ᠶᠢ ᠠᠰᠢᠭᠯᠠᠬᠤ᠂ ᠪᠣᠷᠣᠭᠠᠨ ᠤ ᠤᠰᠤ ᠶᠢ ᠲᠣᠬᠢᠷᠠᠭᠤᠯᠵᠤ ᠬᠠᠳᠠᠭᠠᠯᠠᠬᠤ ᠪᠠ | ᠲᠠᠲᠠᠷᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ | ᠬᠤᠳᠠ ᠶᠢᠨ ᠶᠠᠪᠤᠳᠠᠯ ᠤᠨ ᠵᠠᠮ ᠱᠤᠭᠤᠮ ᠳᠤ ᠲᠦᠰᠢᠭᠯᠡᠨ ᠬᠤᠳᠠ ᠪᠠᠯᠭᠠᠰᠤ ᠶᠢᠨ ᠤᠰᠤ ᠲᠠᠲᠠᠷᠠᠭᠤᠯᠬᠤ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤ᠂ ᠬᠤᠳᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠲᠣᠭᠲᠠᠯᠴᠠᠭ᠎ᠠ ᠶᠢᠨ ᠲᠥᠯᠦᠪᠵᠢᠭᠦᠯᠭᠡ ᠪᠠ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠯᠦᠭᠡ | ᠵᠣᠬᠢᠴᠠᠭᠤᠯᠵᠤ᠂ ᠬᠤᠳᠠ ᠶᠢᠨ ᠵᠠᠬᠢᠷᠭᠠᠨ ᠤ ᠵᠠᠮ ᠯᠤᠭ᠎ᠠ ᠵᠡᠷᠭᠡ ᠳᠤ ᠨᠢ ᠪᠦᠲᠦᠭᠡᠨ ᠪᠠᠶᠢᠭᠤᠯᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢ ᠬᠠᠮᠤᠷᠤᠭᠠᠳᠤᠢ ᠣᠷᠣᠨ ᠪᠦᠰᠡ ᠨᠢ ᠬᠤᠲᠠ ᠶᠢ | ᠰᠢᠨᠡᠴᠢᠯᠡᠬᠦ᠂ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠬᠡᠬᠦ ᠵᠡᠷᠭᠡ ᠲᠠᠢ ᠤᠶᠠᠯᠳᠤᠭᠤᠯᠤᠨ᠂ | ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠢ ᠭᠤᠤᠷᠰᠤ ᠶᠢᠨ ᠲᠣᠣᠷ ᠵᠡᠷᠭᠡ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ | ᠪᠦᠲᠦᠭᠡᠨ ᠪᠠᠶᠢᠭᠤᠯᠬᠤ ᠬᠡᠷᠡᠭᠲᠡᠢ᠃ | ᠨᠥᠬᠦᠴᠡᠯ ᠲᠠᠢ ᠭᠠᠵᠠᠷ ᠣᠷᠣᠨ ᠤ ᠬᠢᠨ ᠤ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ᠂ ᠤᠰᠤ | ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠪᠤᠵᠠᠷ ᠰᠢᠪᠠᠷ ᠢ ᠰᠢᠢᠳᠪᠦᠷᠢᠯᠡᠵᠦ | ᠲᠣᠬᠢᠷᠠᠭᠤᠯᠬᠤ ᠵᠢᠴᠢ ᠳᠠᠬᠢᠯᠲᠠ ᠤᠰᠤ ᠶᠢ ᠠᠰᠢᠭᠯᠠᠬᠤ ᠵᠡᠷᠭᠡ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ | ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ ᠪᠦᠲᠦᠭᠡᠨ | ᠪᠠᠶᠢᠭᠤᠯᠬᠤ ᠶᠢ ᠨᠢ ᠵᠣᠷᠢᠭᠵᠢᠭᠤᠯᠤᠨ᠎ᠠ᠃ | ᠠᠷᠪᠠᠨ ᠬᠤᠶᠠᠳᠤᠭᠠᠷ ᠵᠦᠢᠯ ᠭᠠᠩ ᠬᠠᠭᠤᠷᠠᠢ ᠣᠷᠣᠨ ᠠᠴᠠ ᠭᠠᠳᠠᠨ᠎ᠠ᠂ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠳᠤ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠵᠤ ᠶᠠᠪᠤᠭᠤᠯᠬᠤ ᠶᠢ ᠬᠡᠷᠡᠭᠵᠢᠭᠦᠯᠬᠦ ᠬᠡᠷᠡᠭᠲᠡᠶ︔ | ᠪᠣᠷᠣᠭᠠᠨ ᠤ ᠤᠰᠤ᠂ ᠪᠣᠬᠢᠷ ᠤᠰᠤ ᠶᠢ ᠨᠡᠶᠢᠯᠡᠭᠦᠯᠦᠨ ᠶᠠᠪᠤᠭᠤᠯᠵᠤ ᠪᠠᠶᠢᠭ᠎ᠠ ᠭᠠᠵᠠᠷ ᠣᠷᠣᠨ ᠳᠤ ᠬᠤᠲᠠ | ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠯᠦᠪᠵᠢᠭᠦᠯᠭᠡ ᠶᠢᠨ ᠱᠠᠭᠠᠷᠳᠠᠯᠭ᠎ᠠ | ᠶᠣᠰᠣᠭᠠᠷ᠂ ᠳᠠᠪᠠᠷᠠᠯ ᠤᠷᠤᠰᠬᠠᠯ ᠤᠨ ᠠᠮᠠᠰᠠᠷ ᠢ ᠥᠭᠡᠷᠡᠴᠢᠯᠡᠨ ᠵᠠᠰᠠᠬᠤ᠂ ᠤᠷᠤᠰᠬᠠᠯ ᠲᠠᠰᠤᠯᠬᠤ ᠭᠤᠣᠯ ᠪᠣᠯᠬᠤ | ᠬᠤᠭᠤᠯᠠᠢ ᠶᠢ ᠳᠡᠪᠢᠰᠴᠦ ᠲᠠᠯᠪᠢᠬᠤ᠂ ᠲᠣᠬᠢᠷᠠᠭᠤᠯᠤᠨ ᠬᠠᠳᠠᠭᠠᠯᠠᠬᠤ ᠪᠡᠯᠡᠳᠬᠡᠮᠵᠢ ᠨᠡᠮᠡᠵᠦ ᠤᠭᠰᠠᠷᠠᠬᠤ᠂ | ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠵᠤ ᠶᠠᠪᠤᠭᠤᠯᠬᠤ ᠪᠣᠯᠭᠠᠨ ᠥᠭᠡᠷᠡᠴᠢᠯᠡᠨ ᠵᠠᠰᠠᠬᠤ ᠵᠡᠷᠭᠡ | ᠪᠠᠷᠢᠯᠭ᠎ᠠ ᠶᠢᠨ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠡᠷᠡᠭᠯᠡᠵᠦ᠂ | ᠨᠡᠶᠢᠯᠡᠮᠡᠯ ᠤᠷᠤᠰᠬᠠᠯᠲᠤ ᠬᠤᠭᠤᠯᠠᠢ ᠭᠤᠤᠷᠰᠤ ᠶᠢᠨ ᠲᠣᠣᠷ ᠤᠨ ᠪᠢᠯᠬᠠᠨ ᠤᠷᠤᠰᠬᠤ ᠪᠣᠬᠢᠷᠲᠤᠯ ᠢ ᠪᠠᠭᠠᠰᠬᠠᠬᠤ | ᠬᠡᠷᠡᠭᠲᠡᠢ᠃ ᠬᠠᠮᠢᠶ᠎ᠠ ᠪᠦᠬᠦᠢ ᠥᠭᠡᠷᠡᠴᠢᠯᠡᠨ ᠰᠢᠨᠡᠳᠬᠡᠬᠦ ᠠᠵᠢᠯ ᠢ ᠬᠤᠳᠠ ᠶᠢᠨ ᠰᠢᠨᠡᠴᠢᠯᠡᠯᠲᠡ ᠪᠠ ᠵᠠᠮ ᠤᠨ | ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠵᠡᠷᠭᠡ ᠪᠠᠷ ᠶᠠᠪᠤᠭᠳᠠᠭᠤᠯᠵᠤ ᠪᠣᠯᠣᠨ᠎ᠠ᠃ | ᠪᠣᠷᠣᠭᠠᠨ ᠤ ᠤᠰᠤ᠂ ᠪᠣᠬᠢᠷ ᠤᠰᠤ ᠶᠢ ᠰᠠᠯᠭᠠᠵᠤ ᠶᠠᠪᠤᠭᠤᠯᠤᠭᠰᠠᠨ ᠭᠠᠵᠠᠷ ᠣᠷᠣᠨ ᠳᠤ᠂ ᠰᠢᠨ᠎ᠡ ᠲᠣᠭᠤᠷᠢᠭ | ᠪᠦᠲᠦᠭᠡᠨ ᠪᠠᠶᠢᠭᠤᠯᠬᠤ ᠪᠠ ᠬᠠᠭᠤᠴᠢᠨ ᠬᠤᠳᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ ᠪᠣᠷᠣᠭᠠᠨ ᠤ | ᠤᠰᠤᠨ ᠤ ᠬᠤᠭᠤᠯᠠᠢ ᠭᠤᠤᠷᠰᠤ ᠶᠢᠨ ᠲᠣᠣᠷ᠂ ᠪᠣᠬᠢᠷ ᠤᠰᠤᠨ ᠤ ᠬᠤᠭᠤᠯᠠᠢ ᠭᠤᠤᠷᠰᠤ ᠶᠢᠨ ᠲᠣᠣᠷ ᠢ ᠬᠠᠷᠢᠯᠴᠠᠨ | ᠬᠤᠯᠢᠯᠳᠤᠭᠤᠯᠤᠨ ᠵᠠᠯᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠪᠣᠷᠣᠭᠠᠨ ᠤ ᠤᠰᠤ ᠬᠤᠷᠢᠶᠠᠨ | ᠴᠤᠭᠯᠠᠭᠤᠯᠵᠤ ᠠᠰᠢᠭᠯᠠᠬᠤ ᠪᠡᠯᠡᠳᠬᠡᠮᠵᠢ ᠶᠢ ᠳᠦᠬᠦᠷᠵᠢᠭᠦᠯᠦᠨ ᠪᠦᠲᠦᠭᠡᠨ ᠪᠠᠶᠢᠭᠤᠯᠵᠤ᠂ ᠵᠦᠯᠭᠡ ᠭᠠᠵᠠᠷ᠂ ᠬᠠᠶᠢᠷ | ᠴᠢᠯᠠᠭᠤᠨ ᠭᠠᠵᠠᠷ᠂ ᠤᠰᠤ ᠰᠢᠮᠡᠳᠴᠦ ᠪᠣᠯᠬᠤᠶᠢᠴᠠ ᠵᠠᠮ ᠤᠨ ᠭᠠᠳᠠᠷᠭᠤ ᠪᠠ ᠪᠠᠶᠢᠭᠠᠯᠢᠯᠢᠭ ᠭᠠᠵᠠᠷ ᠤᠨ | ᠭᠠᠳᠠᠷᠭᠤ ᠶᠢᠨ ᠪᠣᠷᠣᠭᠠᠨ ᠤ ᠤᠰᠤ ᠶᠢ ᠠᠯᠭᠤᠷ ᠢᠶᠠᠷ ᠰᠢᠮᠡᠲᠦᠭᠦᠯᠵᠦ ᠰᠢᠩᠭᠡᠭᠡᠬᠦ ᠴᠢᠳᠠᠪᠤᠷᠢ ᠶᠢ ᠨᠢ ᠨᠡᠮᠡᠭᠳᠡᠭᠦᠯᠵᠦ᠂ | ᠪᠠᠷᠢᠯᠭ᠎ᠠ᠂ ᠲᠡᠷᠭᠡᠨ ᠵᠣᠭᠰᠣᠭᠠᠯ᠂ ᠠᠭᠤᠳᠠᠮ ᠲᠠᠯᠠᠪᠠᠢ᠂ ᠵᠠᠮ᠂ ᠵᠦᠯᠭᠡ ᠭᠠᠵᠠᠷ ᠵᠡᠷᠭᠡ ᠶᠢ ᠠᠰᠢᠭᠯᠠᠨ ᠪᠣᠷᠣᠭᠠᠨ ᠤ | ᠤᠰᠤ ᠬᠤᠷᠢᠶᠠᠨ ᠴᠤᠭᠯᠠᠭᠤᠯᠵᠤ ᠠᠰᠢᠭᠯᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠪᠣᠷᠣᠭᠠᠨ ᠤ ᠤᠰᠤᠨ ᠤ | ᠤᠷᠤᠰᠬᠠᠯ ᠢ ᠪᠠᠭᠠᠰᠬᠠᠵᠤ᠂ ᠬᠤᠳᠠ ᠪᠠᠯᠭᠠᠰᠤ ᠶᠢᠨ ᠤᠰᠤᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ | ᠬᠥᠮᠥᠨ ᠠᠮᠠ ᠨᠢᠭᠲᠠᠷᠠᠭᠰᠠᠨ᠂ ᠠᠮᠠᠷᠬᠠᠨ ᠤᠰᠤᠳᠤᠯ ᠡᠭᠦᠰᠬᠦ ᠭᠠᠵᠠᠷ ᠣᠷᠣᠨ ᠵᠢᠴᠢ ᠭᠠᠵᠠᠷ ᠳᠣᠣᠷᠠᠬᠢ ᠲᠡᠮᠦᠷ | ᠵᠠᠮ᠂ ᠰᠢᠷᠭᠤᠯᠠᠭᠰᠠᠨ ᠨᠦᠭᠡᠨ ᠵᠠᠮ ᠵᠡᠷᠭᠡ ᠭᠠᠵᠠᠷ ᠳᠣᠣᠷᠠᠬᠢ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠦᠲᠦᠭᠡᠨ | ᠪᠠᠶᠢᠭᠤᠯᠬᠤ ᠶᠠᠪᠤᠴᠠ ᠳᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠠᠷᠬᠠᠨ ᠤᠰᠤᠳᠤᠯ ᠡᠭᠦᠰᠬᠦ | ᠣᠷᠣᠨ ᠳᠠᠬᠢ ᠤᠰᠤ ᠲᠠᠲᠠᠷᠠᠭᠤᠯᠬᠤ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ | ᠠᠵᠢᠯ ᠢ ᠲᠡᠷᠢᠭᠦᠨ ᠳᠤ ᠨᠢ ᠲᠣᠬᠢᠷᠠᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠳᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠪᠠ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ | ᠵᠠᠬᠢᠷᠬᠤ ᠠᠵᠢᠯ ᠢ ᠡᠭᠦᠷᠭᠡᠯᠡᠬᠦ ᠨᠢᠭᠡᠴᠢ ᠨᠦᠭᠦᠳ ᠤᠯᠤᠰ ᠠᠴᠠ ᠲᠣᠭᠲᠠᠭᠠᠭᠰᠠᠨ ᠵᠣᠬᠢᠬᠤ ᠬᠢᠷᠢ ᠭᠡᠮ ᠢ | ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠲᠠᠷᠠᠭ᠎ᠠ᠂ ᠪᠦᠲᠦᠭᠡᠨ | ᠪᠠᠶᠢᠭᠤᠯᠤᠭᠰᠠᠨ ᠨᠢᠭᠡᠴᠢ ᠨᠢ ᠪᠠᠷᠢᠯᠭ᠎ᠠ ᠳᠠᠭᠤᠰᠤᠯᠲᠠ ᠶᠢ ᠰᠢᠯᠭᠠᠵᠤ ᠬᠤᠷᠢᠶᠠᠨ ᠠᠪᠬᠤ ᠠᠵᠢᠯ ᠢᠶᠠᠨ ᠬᠠᠤᠯᠢ | ᠶᠣᠰᠣᠭᠠᠷ ᠵᠣᠬᠢᠶᠠᠨ ᠪᠠᠶᠢᠭᠤᠯᠬᠤ ᠬᠡᠷᠡᠭᠲᠡᠢ᠃ ᠪᠠᠷᠢᠯᠭ᠎ᠠ ᠁ ᠳᠠᠭᠤᠰᠤᠯᠲᠠ ᠶᠢ ᠰᠢᠯᠭᠠᠵᠤ ᠬᠤᠷᠢᠶᠠᠨ ᠠᠪᠬᠤ ᠳᠤ | ᠬᠢᠷᠢ ᠲᠡᠩᠴᠡᠭᠰᠡᠨ ᠪᠠᠶᠢᠪᠠᠯ ᠲᠤᠰᠢᠶᠠᠨ ᠥᠭᠴᠦ ᠬᠡᠷᠡᠭᠯᠡᠭᠦᠯᠵᠦ ᠪᠣᠯᠣᠨ᠎ᠠ᠂ ᠡᠭᠦᠨ ᠤ ᠬᠠᠮᠲᠤ ᠪᠠᠷᠢᠯᠭ᠎ᠠ | ᠳᠠᠭᠤᠰᠤᠯᠲᠠ ᠶᠢ ᠰᠢᠯᠭᠠᠵᠤ ᠬᠤᠷᠢᠶᠠᠨ ᠠᠪᠬᠤ ᠳᠤ ᠬᠢᠷᠢ ᠲᠡᠩᠴᠡᠭᠰᠡᠨ ᠡᠳᠦᠷ ᠠᠴᠠ ᠡᠬᠢᠯᠡᠵᠦ ᠠᠷᠪᠠᠨ ᠲᠠᠪᠤᠨ | ᠡᠳᠦᠷ ᠤᠨ ᠳᠣᠲᠣᠷ᠎ᠠ᠂ ᠪᠠᠷᠢᠯᠭ᠎ᠠ ᠳᠠᠭᠤᠰᠤᠯᠲᠠ ᠶᠢ ᠰᠢᠯᠭᠠᠵᠤ ᠬᠤᠷᠢᠶᠠᠨ ᠠᠪᠤᠭᠰᠠᠨ ᠮᠡᠳᠡᠭᠦᠯᠦᠯᠲᠡ ᠵᠢᠴᠢ ᠬᠠᠮᠢᠶ᠎ᠠ | ᠪᠦᠬᠦᠢ ᠮᠠᠲ᠋ᠧᠷᠢᠶᠠᠯ ᠢᠶᠠᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠠᠳ ᠰᠢᠯᠭᠠᠵᠤ ᠬᠤᠷᠢᠶᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠢ ᠨᠢ ᠪᠡᠯᠡᠳᠬᠡᠮᠵᠢ ᠪᠠᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ | ᠠᠵᠢᠯ ᠢ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠲᠣᠭᠲᠠᠭᠠᠭᠰᠠᠨ ᠬᠠᠮᠠᠭᠠᠯᠠᠵᠤ ᠡᠵᠡᠩᠨᠡᠨ | ᠠᠵᠢᠯᠯᠠᠭᠤᠯᠬᠤ ᠨᠢᠭᠡᠴᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ | ᠠᠵᠢᠯᠯᠠᠭᠤᠯᠬᠤ ᠨᠢᠭᠡᠴᠢ ᠨᠢ ᠭᠥᠯᠢᠶᠡᠨ ᠠᠪᠬᠤ ᠶᠢᠨ ᠬᠠᠮᠲᠤ᠂ ᠪᠡᠯᠡᠳᠬᠡᠮᠵᠢ ᠶᠢᠨ ᠠᠵᠢᠯᠯᠠᠭᠤᠯᠵᠤ ᠠᠷᠠᠴᠢᠯᠠᠨ | ᠬᠠᠮᠠᠭᠠᠯᠠᠬᠤ ᠠᠵᠢᠯ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠰᠢᠯᠵᠢᠭᠦᠯᠦᠨ ᠲᠤᠰᠢᠶᠠᠬᠤ ᠬᠤᠶᠠᠷ ᠲᠠᠯ᠎ᠠ ᠪᠠᠷ ᠢᠶᠠᠨ ᠰᠢᠯᠵᠢᠭᠦᠯᠦᠨ ᠲᠤᠰᠢᠶᠠᠭᠰᠠᠨ ᠪᠡᠯᠡᠳᠬᠡᠮᠵᠢ ᠳᠤ | ᠬᠠᠮᠲᠤ ᠪᠠᠷ ᠪᠠᠶᠢᠴᠠᠭᠠᠯᠲᠠ ᠬᠢᠵᠦ᠂ ᠰᠢᠯᠵᠢᠭᠦᠯᠦᠨ ᠲᠤᠰᠢᠶᠠᠬᠤ ᠵᠥᠪᠯᠡᠯᠴᠡᠭᠡᠷ ᠢ ᠲᠣᠭᠲᠠᠭᠠᠬᠤ ᠬᠡᠷᠡᠭᠲᠡᠢ᠂ ᠡᠭᠦᠨ ᠤ | ᠬᠠᠮᠲᠤ ᠪᠡᠯᠡᠳᠬᠡᠮᠵᠢ ᠶᠢᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠭᠠᠷᠳᠠᠮ ᠢᠶᠠᠨ ᠭᠦᠢᠴᠡᠳᠬᠡᠬᠦ ᠬᠡᠷᠡᠭᠲᠡᠢ᠃ | ᠰᠢᠯᠵᠢᠭᠦᠯᠦᠨ ᠲᠤᠰᠢᠶᠠᠬᠤ ᠵᠥᠪᠯᠡᠯᠴᠡᠭᠡᠷ ᠲᠤ ᠪᠡᠯᠡᠳᠬᠡᠮᠵᠢ ᠶᠢ ᠪᠠᠶᠢᠴᠠᠭᠠᠭᠰᠠᠨ ᠦᠷ᠎ᠡ ᠳ᠋ᠦᠩ ᠵᠡᠷᠭᠡ ᠠᠭᠤᠯᠭ᠎ᠠ ᠶᠢ | ᠪᠠᠭᠲᠠᠭᠠᠭᠰᠠᠨ ᠪᠠᠶᠢᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢᠨ ᠬᠠᠮᠤᠷᠬᠤ | ᠬᠡᠪᠴᠢᠶᠡᠨ ᠳᠠᠬᠢ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠥᠨ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠪᠣᠬᠢᠷ ᠤᠰᠤ ᠶᠢ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠳᠤ | ᠭᠠᠳᠠᠭᠰᠢᠯᠠᠭᠤᠯᠬᠤ ᠬᠡᠷᠡᠭᠲᠡᠢ᠃ | ᠬᠤᠳᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠶᠢ ᠬᠠᠮᠤᠷᠤᠭᠠᠳᠤᠢ ᠣᠷᠣᠨ ᠪᠦᠰᠡᠨ ᠳᠠᠬᠢ ᠤᠰᠤ | ᠲᠠᠲᠠᠷᠠᠭᠤᠯᠬᠤ ᠨᠢᠭᠡᠴᠢ ᠪᠠ ᠬᠤᠪᠢ ᠬᠥᠮᠥᠨ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠪᠠ | ᠪᠠᠷᠢᠮᠵᠢᠶ᠎ᠠ ᠶᠣᠰᠣᠭᠠᠷ ᠬᠠᠷᠠᠭᠠᠯᠵᠠᠭᠰᠠᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠤᠶᠤ ᠪᠤᠰᠤᠳ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷ ᠤᠰᠤ ᠶᠢ ᠭᠠᠳᠠᠭᠰᠢᠯᠠᠭᠤᠯᠬᠤ ᠬᠡᠷᠡᠭᠲᠡᠢ᠂ ᠣᠷᠴᠢᠨ ᠠᠬᠤᠢ ᠶᠢ | ᠪᠣᠬᠢᠷᠲᠤᠭᠤᠯᠤᠨ ᠰᠦᠢᠳᠬᠡᠵᠦ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ ᠠᠵᠤ ᠦᠢᠯᠡᠳᠪᠦᠷᠢ᠂ ᠪᠠᠷᠢᠯᠭ᠎ᠠ᠂ ᠢᠳᠡᠭᠡᠨ ᠤᠮᠳᠠᠭᠠᠨ᠂ ᠡᠮᠨᠡᠯᠭᠡ ᠵᠡᠷᠭᠡ | ᠠᠵᠢᠯᠯᠠᠭ᠎ᠠ ᠶᠢ ᠡᠷᠬᠢᠯᠡᠵᠤ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ︵ᠳᠣᠷᠣᠭᠰᠢ ᠤᠰᠤ ᠲᠠᠲᠠᠷᠠᠭᠤᠯᠬᠤ ᠡᠷᠦᠬᠡ ᠭᠡᠵᠦ ᠨᠡᠷᠡᠶᠢᠳᠦᠨ᠎ᠡ︶ | ᠨᠦᠭᠦᠳ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠪᠠᠷ ᠪᠣᠬᠢᠷ ᠤᠰᠤ ᠭᠠᠳᠠᠭᠰᠢᠯᠠᠭᠤᠯᠬᠤ ᠳᠤ᠂ | ᠤᠰᠤ ᠲᠠᠲᠠᠷᠠᠭᠤᠯᠬᠤ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠢᠶᠠᠨ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤ ᠲᠠᠲᠠᠷᠠᠭᠤᠯᠬᠤ ᠬᠤᠭᠤᠯᠠᠢ | ᠭᠤᠤᠷᠰᠤ ᠶᠢᠨ ᠲᠣᠣᠷ ᠢᠶᠠᠷ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠠᠪᠬᠤ | ᠬᠡᠷᠡᠭᠲᠡᠢ᠃ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠵᠦ ᠠᠷᠪᠠᠨ ᠲᠠᠪᠤᠨ ᠡᠳᠦᠷ ᠤᠨ ᠳᠣᠲᠣᠷ᠎ᠠ | ᠲᠣᠭᠲᠠᠭᠠᠯ ᠭᠠᠷᠭᠠᠬᠤ ᠬᠡᠷᠡᠭᠲᠡᠢ᠃ | ᠤᠰᠤ ᠲᠠᠲᠠᠷᠠᠭᠤᠯᠬᠤ ᠬᠤᠭᠤᠯᠠᠢ ᠭᠤᠤᠷᠰᠤ ᠶᠢᠨ ᠲᠣᠣᠷ ᠢᠶᠠᠷ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ | ᠭᠤᠶᠤᠴᠢᠯᠠᠬᠤ ᠵᠢᠴᠢ ᠤᠰᠤ ᠲᠠᠲᠠᠷᠠᠭᠤᠯᠬᠤ ᠡᠷᠦᠬᠡ ᠶᠢᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ | ᠪᠡᠯᠡᠳᠬᠡᠮᠵᠢ ᠪᠠᠷ ᠪᠣᠬᠢᠷ ᠤᠰᠤ ᠭᠠᠳᠠᠭᠰᠢᠯᠠᠭᠤᠯᠬᠤ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠵᠡᠷᠭᠡ | ᠬᠠᠮᠢᠶ᠎ᠠ ᠪᠦᠬᠦᠢ ᠠᠵᠢᠯ ᠤᠳ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠤᠰᠤ ᠲᠠᠲᠠᠷᠠᠭᠤᠯᠬᠤ ᠡᠷᠦᠬᠡ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠠᠷᠠᠭᠠᠯᠵᠠᠭᠰᠠᠨ ᠤᠷᠢᠳᠴᠢᠯᠠᠨ ᠰᠢᠢᠳᠪᠦᠷᠢᠯᠡᠬᠦ ᠪᠡᠯᠡᠳᠬᠡᠮᠵᠢ ᠪᠠ ᠤᠰᠤᠨ ᠤ ᠴᠢᠨᠠᠷ᠂ ᠤᠰᠤᠨ ᠤ | ᠬᠡᠮᠵᠢᠶ᠎ᠡ ᠶᠢ ᠪᠠᠶᠢᠴᠠᠭᠠᠨ ᠰᠢᠨᠵᠢᠬᠦ ᠪᠡᠯᠡᠳᠬᠡᠮᠵᠢ ᠶᠢ ᠪᠠᠶᠢᠭᠤᠯᠬᠤ ᠶᠢᠨ ᠬᠠᠮᠲᠤ᠂ ᠤᠰᠤ ᠲᠠᠲᠠᠷᠠᠭᠤᠯᠬᠤ ᠬᠤᠭᠤᠯᠠᠢ | ᠭᠤᠤᠷᠰᠤ ᠶᠢᠨ ᠲᠣᠣᠷ ᠢᠶᠠᠷ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ | ᠶᠣᠰᠣᠭᠠᠷ ᠪᠣᠬᠢᠷ ᠤᠰᠤ ᠶᠢ ᠭᠠᠳᠠᠭᠰᠢᠯᠠᠭᠤᠯᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠪᠠᠷ ᠠᠵᠤ ᠦᠢᠯᠡᠳᠪᠦᠷᠢ ᠶᠢᠨ ᠬᠠᠶᠠᠭᠳᠠᠮᠠᠯ | ᠤᠰᠤ ᠶᠢ ᠭᠠᠳᠠᠭᠰᠢᠯᠠᠭᠤᠯᠬᠤ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠤᠷᠢᠳᠴᠢᠯᠠᠨ ᠰᠢᠢᠳᠪᠦᠷᠢᠯᠡᠵᠦ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠᠷ | ᠴᠡᠪᠡᠷᠰᠢᠭᠦᠯᠦᠨ ᠰᠢᠢᠳᠪᠦᠷᠢᠯᠡᠬᠦ ᠤᠷ᠎ᠠ ᠮᠡᠷᠭᠡᠰᠢᠯ ᠤᠨ ᠱᠠᠭᠠᠷᠳᠠᠯᠭ᠎ᠠ ᠳᠤ ᠭᠦᠷᠦᠭᠰᠡᠨ ᠤ ᠳᠠᠷᠠᠭ᠎ᠠ ᠭᠠᠳᠠᠭᠰᠢᠯᠠᠭᠤᠯᠵᠤ | ᠪᠣᠯᠣᠨ᠎ᠠ᠃ | ᠠᠷᠪᠠ ᠶᠢᠰᠦᠳᠦᠭᠡᠷ ᠵᠦᠢᠯ ᠤᠰᠤ ᠲᠠᠲᠠᠷᠠᠭᠤᠯᠬᠤ ᠨᠢᠭᠡᠴᠢ ᠪᠤᠶᠤ ᠬᠤᠪᠢ ᠬᠥᠮᠥᠨ ᠪᠣᠬᠢᠷ ᠪᠣᠳᠠᠰ ᠰᠣᠷᠣᠬᠤ | ᠲᠡᠷᠭᠡ᠂ ᠰᠠᠪᠠᠳᠤ ᠲᠡᠷᠭᠡ᠂ ᠤᠰᠤ ᠬᠠᠳᠠᠭᠠᠯᠠᠬᠤ ᠰᠠᠪᠠ ᠵᠡᠷᠭᠡ ᠲᠡᠭᠡᠭᠡᠪᠦᠷᠢ ᠶᠢᠨ ᠪᠠᠭᠠᠵᠢ ᠪᠤᠶᠤ ᠰᠠᠪᠠ | ᠬᠡᠷᠡᠭᠰᠡᠯ ᠢᠶᠠᠷ ᠳᠠᠮᠵᠢᠭᠤᠯᠤᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠪᠠᠷ ᠪᠣᠬᠢᠷ ᠤᠰᠤ | ᠭᠠᠳᠠᠭᠰᠢᠯᠠᠭᠤᠯᠬᠤ ᠳᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠴᠠᠭ ᠬᠤᠭᠤᠴᠠᠭᠠᠨ ᠳᠤ᠂ ᠵᠢᠭᠠᠨ ᠲᠣᠭᠲᠠᠭᠠᠭᠰᠠᠨ ᠭᠠᠳᠠᠭᠰᠢᠯᠠᠭᠤᠯᠬᠤ | ᠠᠮᠠᠰᠠᠷ ᠢᠶᠠᠷ ᠭᠠᠳᠠᠭᠰᠢᠯᠠᠭᠤᠯᠬᠤ ᠬᠡᠷᠡᠭᠲᠡᠢ᠂ ᠪᠣᠬᠢᠷ ᠤᠰᠤ ᠶᠢ ᠳᠤᠷ᠎ᠠ ᠪᠠᠷ ᠢᠶᠠᠨ ᠴᠢᠳᠬᠤᠵᠤ᠂ ᠭᠠᠳᠠᠭᠰᠢᠯᠠᠭᠤᠯᠵᠤ | ᠪᠣᠯᠬᠤ ᠦᠭᠡᠢ᠃ | ᠪᠣᠬᠢᠷ ᠪᠣᠳᠠᠰ ᠰᠣᠷᠣᠬᠤ ᠲᠡᠷᠭᠡ᠂ ᠰᠠᠪᠠᠳᠣ ᠲᠡᠷᠭᠡ᠂ ᠤᠰᠤ ᠬᠠᠳᠠᠭᠠᠯᠠᠬᠤ ᠰᠠᠪᠠ ᠵᠡᠷᠭᠡ ᠲᠡᠭᠡᠭᠡᠪᠦᠷᠢ ᠶᠢᠨ | ᠪᠠᠭᠠᠵᠢ ᠪᠤᠶᠤ ᠰᠠᠪᠠ ᠬᠡᠷᠡᠭᠰᠡᠯ ᠢᠶᠠᠷ ᠳᠠᠮᠵᠢᠭᠤᠯᠤᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠪᠠᠷ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠᠷ ᠴᠡᠪᠡᠷᠰᠢᠭᠦᠯᠦᠨ ᠰᠢᠢᠳᠪᠦᠷᠢᠯᠡᠬᠦ ᠤᠷ᠎ᠠ | ᠮᠡᠷᠭᠡᠰᠢᠯ ᠤᠨ ᠱᠠᠭᠠᠷᠳᠠᠯᠭ᠎ᠠ ᠳᠤ ᠬᠦᠷᠦᠭᠡᠳᠦᠢ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠭᠠᠳᠠᠭᠰᠢᠯᠠᠭᠤᠯᠬᠤ ᠶᠢ | ᠴᠠᠭᠠᠵᠠᠯᠠᠨ᠎ᠠ᠃ | ᠬᠤᠷᠢᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ | ᠠᠵᠢᠯᠯᠠᠭᠤᠯᠬᠤ ᠨᠢᠭᠡᠴᠢ ᠯᠦᠭᠡ ᠬᠠᠮᠠᠭᠠᠯᠠᠵᠤ ᠡᠵᠡᠩᠨᠡᠨ ᠠᠵᠢᠯᠯᠠᠭᠤᠯᠬᠤ ᠭᠡᠷ᠎ᠡ ᠲᠣᠭᠲᠠᠭᠠᠭᠠᠳ ᠬᠤᠶᠠᠷ ᠲᠠᠯ᠎ᠠ ᠶᠢᠨ | ᠡᠷᠬᠡ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠢ᠃ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ | ᠨᠢᠭᠡᠴᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠵᠢᠴᠢ ᠬᠠᠮᠠᠭᠠᠯᠠᠵᠤ | ᠡᠵᠡᠩᠨᠡᠨ ᠠᠵᠢᠯᠯᠠᠭᠤᠯᠬᠤ ᠭᠡᠷ᠎ᠡ ᠶᠢᠨ ᠶᠣᠰᠣᠭᠠᠷ ᠬᠠᠮᠠᠭᠠᠯᠠᠵᠤ ᠡᠵᠡᠩᠨᠡᠨ ᠠᠵᠢᠯᠯᠠᠭᠤᠯᠵᠤ᠂ ᠭᠠᠷᠭᠠᠭᠰᠠᠨ ᠤᠰᠤᠨ ᠤ | ᠴᠢᠨᠠᠷ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠭᠠᠳᠠᠭᠰᠢᠯᠠᠭᠤᠯᠬᠤ ᠪᠠᠷᠢᠮᠵᠢᠶ᠎ᠠ ᠳᠤ | ᠨᠡᠶᠢᠴᠡᠬᠦ ᠶᠢ ᠪᠠᠲᠤᠯᠠᠵᠤ᠂ ᠪᠠᠷᠢᠮᠵᠢᠶ᠎ᠠ ᠳᠤ ᠥᠯᠥ ᠬᠦᠷᠬᠦ ᠪᠣᠬᠢᠷ ᠤᠰᠤ ᠶᠢ ᠭᠠᠳᠠᠭᠰᠢᠯᠠᠭᠤᠯᠵᠤ ᠪᠣᠯᠬᠤ ᠦᠭᠡᠢ᠃ | ᠬᠤᠯᠪᠣᠭᠳᠠᠯ ᠪᠦᠬᠦᠢ ᠬᠠᠮᠠᠭᠠᠯᠠᠵᠤ ᠡᠵᠡᠩᠨᠡᠨ ᠠᠵᠢᠯᠯᠠᠭᠤᠯᠵᠤ ᠪᠠᠶᠢᠭ᠎ᠠ ᠮᠡᠳᠡᠭᠡ ᠵᠠᠩᠭᠢ ᠪᠠᠨ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠨᠡᠶᠢᠭᠡᠮ ᠨᠡᠶᠢᠲᠡ ᠶᠢᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠤᠯᠵᠤ ᠦᠢᠯᠡᠴᠢᠯᠡᠬᠦ ᠵᠠᠷᠤᠳᠠᠯ ᠢ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠣᠷᠤᠭᠤᠯᠬᠤ ᠤᠰᠤᠨ ᠳᠠᠬᠢ ᠪᠣᠬᠢᠷ ᠪᠣᠳᠠᠰ ᠤᠨ ᠥᠳᠬᠡᠴᠡ᠂ | ᠪᠣᠬᠢᠷ ᠪᠣᠳᠠᠰ ᠢ ᠪᠠᠭᠤᠷᠠᠭᠤᠯᠤᠨ ᠪᠠᠭᠠᠰᠬᠠᠭᠰᠠᠨ ᠬᠡᠮᠵᠢᠶ᠎ᠡ᠂ ᠭᠠᠷᠭᠠᠬᠤ ᠤᠰᠤᠨ ᠤ ᠴᠢᠨᠠᠷ ᠵᠢᠴᠢ ᠪᠤᠵᠠᠷ ᠰᠢᠪᠠᠷ ᠢ | ᠬᠤᠣᠷ ᠦᠭᠡᠶᠢᠲᠦᠭᠦᠯᠬᠦ᠂ ᠲᠣᠭᠲᠠᠪᠤᠷᠢᠵᠢᠭᠤᠯᠤᠨ ᠰᠢᠢᠳᠪᠦᠷᠢᠯᠡᠭᠰᠡᠨ ᠦᠷ᠎ᠡ ᠴᠢᠳᠠᠮᠵᠢ ᠯᠤᠭ᠎ᠠ ᠬᠠᠷᠢᠯᠴᠠᠨ | ᠬᠤᠯᠪᠣᠭᠳᠠᠭᠤᠯᠤᠭᠰᠠᠨ ᠦᠷ᠎ᠡ ᠪᠦᠲᠦᠮᠵᠢ ᠪᠠᠷ ᠵᠠᠷᠤᠳᠠᠯ ᠲᠤᠰᠢᠶᠠᠬᠤ ᠲᠣᠭᠲᠠᠴᠠ ᠶᠢ ᠠᠬᠢᠭᠤᠯᠤᠨ ᠪᠠᠶᠢᠭᠤᠯᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠠᠵᠢᠯᠯᠠᠭᠤᠯᠵᠤ ᠦᠢᠯᠡᠴᠢᠯᠡᠬᠦ ᠵᠠᠷᠤᠳᠠᠯ ᠢ ᠴᠠᠭ ᠲᠤᠬᠠᠢ ᠳᠤ ᠨᠢ᠂ ᠲᠤᠭ᠎ᠠ ᠶᠣᠰᠣᠭᠠᠷ ᠭᠦᠢᠴᠡᠳ ᠰᠠᠯᠭᠠᠨ ᠥᠭᠬᠦ | ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ | ᠡᠵᠡᠩᠨᠡᠨ ᠠᠵᠢᠯᠯᠠᠭᠤᠯᠬᠤ ᠨᠢᠭᠡᠴᠢ ᠶᠢᠨ ᠬᠢᠨ ᠤ ᠬᠠᠤᠯᠢ ᠶᠣᠰᠣᠭᠠᠷ ᠳᠡᠭᠡᠳᠦ ᠬᠡᠯᠬᠢᠶᠡᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠤᠨ ᠠᠮᠢᠳᠤ ᠪᠣᠳᠠᠰ ᠤᠨ ᠬᠢᠮᠢ ᠶᠢᠨ ᠴᠢᠨᠠᠷ ᠢᠶᠠᠷ ᠴᠢᠩᠭ᠎ᠠ ᠬᠠᠶᠠᠭᠳᠠᠮᠠᠯ ᠤᠰᠤ ᠶᠢ ᠳᠣᠣᠷᠠᠳᠤ | ᠬᠡᠯᠬᠢᠶᠡᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢᠨ ᠰᠤᠷᠪᠤᠯᠵᠢ ᠶᠢᠨ | ᠨᠥᠬᠦᠪᠦᠷᠢ ᠪᠣᠯᠭᠠᠬᠤ ᠶᠢ ᠨᠢ ᠵᠣᠷᠢᠭᠵᠢᠭᠤᠯᠤᠨ᠎ᠠ᠃ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ | ᠨᠢᠭᠡᠴᠢ ᠶᠢ ᠵᠣᠷᠢᠭᠵᠢᠭᠤᠯᠵᠤ ᠪᠠᠶᠢᠭᠠᠳ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠪᠡᠯᠡᠳᠬᠡᠮᠵᠢ ᠶᠢ ᠡᠨᠧᠷᠭᠢ ᠠᠷᠪᠢᠯᠠᠨ | ᠦᠷ᠎ᠡ ᠠᠰᠢᠭ ᠢ ᠨᠡᠮᠡᠭᠳᠡᠭᠦᠯᠬᠦ ᠪᠠᠷ ᠥᠭᠡᠷᠡᠴᠢᠯᠡᠨ ᠰᠢᠨᠡᠳᠬᠡᠬᠦ ᠠᠵᠢᠯ ᠢ ᠥᠷᠨᠢᠭᠦᠯᠵᠦ᠂ ᠤᠷᠭᠤᠮᠠᠯ ᠤᠨ ᠦᠨᠦᠷ | ᠠᠷᠢᠯᠭᠠᠭᠴᠢ ᠡᠳ᠋᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠬᠥᠪᠰᠦ᠋ᠢᠯᠭᠡᠨ ᠴᠠᠷᠴᠠᠭᠠᠬᠤ ᠡᠳ᠋ ᠵᠡᠷᠭᠡ | ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠡᠮ ᠢ ᠳᠡᠯᠭᠡᠷᠡᠭᠦᠯᠦᠨ ᠬᠡᠷᠡᠭᠯᠡᠭᠦᠯᠦᠨ᠎ᠡ᠃ | ᠬᠤᠷᠢᠨ ᠬᠤᠶᠠᠳᠤᠭᠠᠷ ᠵᠦᠢᠯ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ | ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠪᠠ ᠪᠤᠵᠠᠷ ᠰᠢᠪᠠᠷ ᠢ ᠵᠥᠭᠡᠭᠡᠪᠦᠷᠢᠯᠡᠬᠦ᠂ ᠰᠢᠢᠳᠪᠦᠷᠢᠯᠡᠬᠦ ᠶᠢ | ᠬᠠᠷᠢᠭᠤᠴᠠᠬᠤ ᠨᠢᠭᠡᠴᠢ ᠨᠦᠭᠦᠳ ᠡᠬᠢ ᠡᠭᠦᠰᠦᠯ ᠠᠴᠠ ᠨᠢ ᠪᠠᠭᠠᠰᠬᠠᠬᠤ ᠪᠠ ᠪᠥᠬᠦ ᠴᠤᠪᠤᠷᠠᠯ ᠢ ᠡᠵᠡᠮᠳᠡᠬᠦ | ᠱᠠᠭᠠᠷᠳᠠᠯᠭ᠎ᠠ ᠶᠣᠰᠣᠭᠠᠷ᠂ ᠪᠤᠵᠠᠷ ᠰᠢᠪᠠᠷ ᠢ ᠠᠶᠤᠯ ᠦᠭᠡᠢ ᠪᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠤ ᠳᠠᠷᠠᠭᠠᠬᠢ | ᠪᠤᠵᠠᠷ ᠰᠢᠪᠠᠷ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ | ᠨᠢᠭᠡᠴᠢ᠂ ᠪᠤᠵᠠᠷ ᠰᠢᠪᠠᠷ ᠢ ᠵᠥᠭᠡᠭᠡᠪᠦᠷᠢᠯᠡᠬᠦ ᠨᠢᠭᠡᠴᠢ ᠪᠠ ᠪᠤᠵᠠᠷ ᠰᠢᠪᠠᠷ ᠢ ᠰᠢᠢᠳᠪᠦᠷᠢᠯᠡᠬᠦ ᠨᠢᠭᠡᠴᠢ ᠨᠢ ᠪᠤᠵᠠᠷ | ᠰᠢᠪᠠᠷ ᠢ ᠰᠢᠯᠵᠢᠭᠦᠯᠦᠨ ᠵᠥᠭᠡᠭᠡᠪᠦᠷᠢᠯᠡᠬᠦ ᠬᠤᠯᠪᠤᠭᠠᠯᠠᠨ ᠵᠥᠭᠡᠭᠡᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ | ᠂ ᠪᠣᠶ ᠪᠣᠯᠤᠭᠰᠠᠨ ᠪᠤᠵᠠᠷ ᠰᠢᠪᠡᠷ ᠵᠢᠴᠢ ᠰᠢᠢᠳᠪᠦᠷᠢᠯᠡᠭᠰᠡᠨ ᠤ ᠳᠠᠷᠠᠭᠠᠬᠢ ᠪᠤᠵᠠᠷ ᠰᠢᠪᠠᠷ ᠤᠨ ᠬᠠᠨᠳᠤᠰᠢ᠂ ᠬᠡᠷᠡᠭᠴᠡᠭᠡ | ᠂ ᠬᠡᠷᠡᠭᠯᠡᠬᠦ ᠬᠡᠮᠵᠢᠶ᠎ᠡ ᠵᠡᠷᠭᠡ ᠶᠢ ᠮᠥᠷᠳᠡᠵᠦ᠂ ᠲᠡᠮᠳᠡᠭᠯᠡᠬᠦ ᠶᠢᠨ ᠬᠠᠮᠲᠤ᠂ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠤᠷᠢᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠠ | ᠬᠤᠪᠢ ᠬᠥᠮᠥᠨ ᠭᠡᠳ ᠪᠤᠵᠠᠷ ᠰᠢᠪᠠᠷ ᠢ ᠳᠤᠷ᠎ᠠ ᠪᠠᠷ ᠢᠶᠠᠨ ᠴᠢᠳᠬᠤᠬᠤ᠂ ᠣᠪᠣᠭᠠᠯᠠᠬᠤ᠂ ᠬᠠᠶᠠᠬᠤ ᠪᠠ ᠠᠰᠬᠠᠵᠤ | ᠪᠣᠯᠬᠤ ᠦᠭᠡᠢ᠃ | ᠪᠤᠵᠠᠷ ᠰᠢᠪᠠᠷ ᠤᠨ ᠵᠥᠭᠡᠭᠡᠪᠦᠷᠢ ᠶᠢᠨ ᠲᠡᠷᠭᠡ ᠬᠥᠰᠬᠡ ᠨᠢ ᠨᠢᠭᠲᠠ ᠪᠢᠲᠡᠭᠦᠮᠵᠢᠯᠡᠬᠦ᠂ ᠤᠰᠤ ᠦᠯᠦ ᠨᠡᠪᠴᠢᠭᠦᠯᠬᠦ | ᠂ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠪᠠ ᠠᠰᠬᠠᠬᠤ ᠶᠢ ᠰᠡᠷᠭᠡᠶᠢᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠡᠬᠢ ᠪᠠᠶᠠᠯᠢᠭ ᠤᠨ ᠢᠯᠴᠢ ᠶᠢᠨ | ᠬᠦᠴᠦ ᠪᠠᠷ ᠴᠠᠬᠢᠯᠭᠠᠨ ᠭᠠᠷᠭᠠᠬᠤ ᠦᠢᠯᠡᠳᠪᠦᠷᠢ᠂ ᠱᠦᠢᠨᠢ ᠶᠢᠨ ᠦᠢᠯᠡᠳᠪᠦᠷᠢ᠂ ᠨᠡᠭᠦᠷᠡᠰᠦ ᠲᠦᠯᠡᠵᠦ ᠴᠠᠬᠢᠯᠭᠠᠨ | ᠭᠠᠷᠭᠠᠬᠤ ᠦᠢᠯᠡᠳᠪᠦᠷᠢ ᠶᠢᠨ ᠬᠢᠨ ᠤ ᠪᠠᠶᠢᠭ᠎ᠠ ᠭᠠᠵᠠᠷ ᠤᠨ ᠢᠶᠠᠨ ᠪᠤᠵᠠᠷ ᠰᠢᠪᠠᠷ ᠰᠢᠢᠳᠪᠦᠷᠢᠯᠡᠬᠦ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠪᠤᠵᠠᠷ ᠰᠢᠪᠠᠷ ᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ | ᠪᠤᠵᠠᠷ ᠰᠢᠪᠠᠷ ᠢ ᠬᠠᠮᠵᠢᠯᠴᠠᠨ ᠰᠢᠲᠠᠭᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ | ᠃ | ᠪᠤᠵᠠᠷ ᠰᠢᠪᠠᠷ ᠢ ᠬᠤᠣᠷ ᠦᠭᠡᠶᠢᠲᠦᠭᠦᠯᠬᠦ᠂ ᠲᠣᠭᠲᠠᠪᠤᠷᠢᠵᠢᠭᠤᠯᠬᠤ ᠶᠢ ᠪᠡᠶᠡᠯᠡᠭᠦᠯᠦᠭᠰᠡᠨ ᠤᠷᠢᠲᠠᠯ ᠳᠣᠣᠷ᠎ᠠ᠂ | ᠪᠤᠵᠠᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ ᠠᠬᠢᠭᠤᠯᠵᠤ᠂ ᠬᠥᠷᠥᠰᠥ ᠰᠢᠷᠣᠢ ᠶᠢᠨ | ᠰᠠᠶᠢᠵᠢᠷᠠᠭᠤᠯᠤᠯᠲᠠ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ | ᠡᠨᠧᠷᠭᠢ ᠶᠢᠨ ᠠᠰᠢᠭᠯᠠᠯᠲᠠ ᠵᠡᠷᠭᠡ ᠲᠠᠯ᠎ᠠ ᠳᠤ ᠪᠠᠷᠢᠮᠵᠢᠶ᠎ᠠ ᠳᠤ ᠨᠡᠶᠢᠴᠡᠬᠦ ᠪᠤᠵᠠᠷ ᠰᠢᠪᠠᠷ ᠤᠨ ᠡᠭᠦᠰᠦᠮᠡᠯ | ᠦᠢᠯᠡᠳᠬᠦᠨ ᠢ ᠤᠷᠢᠳ ᠢᠶᠠᠷ ᠬᠡᠷᠡᠭᠯᠡᠵᠦ᠂ ᠪᠤᠵᠠᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠪᠠᠨ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠠᠬᠢᠯᠲᠠ ᠤᠰᠤ ᠶᠢ | ᠲᠤᠰ ᠵᠠᠰᠠᠭ ᠵᠠᠬᠢᠷᠭᠠᠨ ᠤ ᠣᠷᠣᠨ ᠳᠠᠬᠢ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠳᠤ ᠪᠠᠨ | ᠣᠷᠣᠭᠤᠯᠵᠤ᠂ ᠵᠢᠭᠠᠨ ᠵᠢᠯᠣᠭᠤᠳᠤᠯᠭ᠎ᠠ ᠪᠠᠨ ᠬᠠᠤᠯᠢ ᠶᠣᠰᠣᠭᠠᠷ ᠴᠢᠩᠭᠠᠳᠬᠠᠨ᠂ ᠳᠠᠬᠢᠯᠲᠠ ᠤᠰᠤ ᠶᠢᠨ | ᠠᠰᠢᠭᠯᠠᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ | ᠬᠡᠷᠡᠭᠲᠡᠢ᠃ | ᠳᠠᠬᠢᠯᠲᠠ ᠤᠰᠤ ᠬᠠᠩᠭᠠᠬᠤ ᠨᠥᠬᠦᠴᠡᠯ ᠢ ᠪᠦᠷᠢᠳᠦᠭᠦᠯᠦᠭᠰᠡᠨ ᠪᠥᠭᠡᠳ ᠤᠰᠤᠨ ᠤ ᠴᠢᠨᠠᠷ ᠨᠢ ᠤᠰᠤ ᠬᠡᠷᠡᠭᠯᠡᠬᠦ | ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠳᠣᠣᠷ᠎ᠠ ᠵᠢᠭᠰᠠᠭᠠᠭᠰᠠᠨ ᠪᠠᠶᠢᠳᠠᠯ ᠳᠤ ᠤᠰᠤ ᠬᠡᠷᠡᠭᠯᠡᠬᠦ ᠳᠤ ᠳᠠᠬᠢᠯᠲᠠ | ᠤᠰᠤ ᠶᠢ ᠲᠡᠷᠢᠭᠦᠨ ᠳᠤ ᠨᠢ ᠬᠡᠷᠡᠭᠯᠡᠬᠦ ᠬᠡᠷᠡᠭᠲᠡᠢ᠄ | ︵ᠨᠢᠭᠡ︶ ᠭᠠᠯ ᠴᠠᠬᠢᠯᠭᠠᠨ᠂ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ | ᠬᠤᠷᠣᠭᠳᠠᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠷᠥᠭᠡᠯᠲᠡ ᠳᠤ ᠬᠡᠷᠡᠭᠯᠡᠬᠦ ᠤᠰᠤ᠂ ᠴᠡᠪᠡᠷᠯᠡᠭᠡ | ᠤᠬᠢᠶᠠᠯᠭ᠎ᠠ ᠳᠤ ᠬᠡᠷᠡᠭᠯᠡᠬᠦ ᠤᠰᠤ᠂ ᠭᠥᠧᠧᠯᠦ ᠳᠤ ᠬᠡᠷᠡᠭᠯᠡᠬᠦ ᠤᠰᠤ᠂ ᠤᠷᠠᠯᠠᠯ ᠳᠤ ᠬᠡᠷᠡᠭᠯᠡᠬᠦ ᠤᠰᠤ᠂ | ᠦᠢᠯᠡᠳᠬᠦᠨ ᠳᠤ ᠬᠡᠷᠡᠭᠯᠡᠬᠦ ᠤᠰᠤ ᠵᠡᠷᠭᠡ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤ︔ | ︵ᠬᠤᠶᠠᠷ︶ ᠬᠤᠲᠠ ᠪᠠᠯᠭᠠᠰᠤ ᠶᠢ ᠨᠣᠭᠤᠭᠠᠷᠠᠭᠤᠯᠬᠤ᠂ ᠵᠠᠮ ᠢ ᠴᠡᠪᠡᠷᠯᠡᠬᠦ᠂ ᠲᠡᠷᠭᠡ ᠬᠥᠰᠬᠡ ᠶᠢ ᠤᠬᠢᠶᠠᠬᠤ᠂ | ᠪᠠᠷᠢᠯᠭ᠎ᠠ ᠶᠢᠨ ᠠᠵᠢᠯ ᠬᠢᠬᠦ ᠵᠡᠷᠭᠡ ᠬᠤᠳᠠ ᠶᠢᠨ ᠡᠯᠳᠡᠪ ᠵᠦᠢᠯ ᠳᠤ ᠬᠡᠷᠡᠭᠯᠡᠬᠦ ᠤᠰᠤ︔ | ︵ᠭᠤᠷᠪᠠ︶ ᠦᠵᠡᠮᠦᠷᠢ ᠶᠢᠨ ᠴᠢᠨᠠᠷᠲᠠᠢ ᠦᠵᠡᠮᠵᠢ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ᠂ ᠭᠤᠣᠯ | ᠮᠥᠷᠡᠨ ᠤ ᠠᠮᠢ ᠠᠬᠤᠢ ᠳᠤ ᠬᠡᠷᠡᠭᠯᠡᠬᠦ ᠤᠰᠤ᠂ ᠨᠤᠭᠤ ᠭᠠᠵᠠᠷ ᠲᠤ ᠬᠡᠷᠡᠭᠯᠡᠬᠦ ᠤᠰᠤ ᠵᠡᠷᠭᠡ ᠣᠷᠴᠢᠨ ᠨᠥᠬᠦᠴᠡᠯ ᠳᠤ | ᠬᠡᠷᠡᠭᠯᠡᠬᠦ ᠤᠰᠤ︔ | ︵ᠳᠥᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠳᠠᠬᠢᠯᠲᠠ ᠤᠰᠤ ᠶᠢ ᠡᠩ | ᠲᠡᠷᠢᠭᠦᠨ ᠳᠤ ᠬᠡᠷᠡᠭᠯᠡᠬᠦ ᠴᠢᠬᠤᠯᠠᠲᠠᠢ ᠪᠤᠰᠤᠳ ᠪᠠᠶᠢᠳᠠᠯ᠃ | ᠬᠤᠷᠢᠨ ᠲᠠᠪᠤᠳᠤᠭᠠᠷ ᠵᠦᠢᠯ ᠳᠠᠬᠢᠯᠲᠠ ᠤᠰᠤᠨ ᠤ ᠡᠵᠡᠩᠨᠡᠯᠲᠡ ᠶᠢᠨ ᠠᠵᠤ ᠠᠬᠤᠶᠢᠯᠠᠯ ᠨᠢ ᠳᠠᠬᠢᠯᠲᠠ | ᠤᠰᠤᠨ ᠤ ᠤᠰᠤᠨ ᠤ ᠴᠢᠨᠠᠷ᠂ ᠤᠰᠤᠨ ᠤ ᠳᠠᠷᠤᠯᠲᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠪᠠᠷᠢᠮᠵᠢᠶ᠎ᠠ ᠵᠢᠴᠢ ᠭᠡᠷ᠎ᠡ ᠶᠢᠨ ᠪᠣᠯᠵᠣᠯ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃ | ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠳᠤ ᠢᠯᠡᠷᠬᠡᠢ ᠢᠯᠭᠠᠬᠤ ᠲᠡᠮᠳᠡᠭ ᠲᠠᠯᠪᠢᠬᠤ ᠬᠡᠷᠡᠭᠲᠡᠢ᠂ | ᠳᠠᠬᠢᠯᠲᠠ ᠤᠰᠤᠨ ᠤ ᠬᠤᠭᠤᠯᠠᠢ ᠭᠤᠤᠷᠰᠤ ᠶᠢ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠢ ᠭᠤᠤᠷᠰᠤ ᠲᠠᠢ ᠵᠠᠯᠭᠠᠵᠤ ᠬᠤᠯᠪᠣᠬᠤ ᠶᠢ ᠴᠠᠭᠠᠵᠠᠯᠠᠨ᠎ᠠ᠃ | ᠳᠠᠬᠢᠯᠲᠠ ᠤᠰᠤ ᠶᠢ ᠠᠮᠢᠳᠤᠷᠠᠯ ᠤᠨ ᠤᠤᠭᠤᠬᠤ ᠤᠰᠤ᠂ ᠢᠳᠡᠭᠡᠨ ᠤ ᠵᠦᠢᠯ ᠦᠢᠯᠡᠳᠪᠦᠷᠢᠯᠡᠬᠦ᠂ ᠤᠰᠤᠨ ᠤ | ᠭᠠᠷᠤᠯᠲᠠ ᠲᠡᠵᠢᠭᠡᠨ ᠦᠷᠡᠵᠢᠭᠦᠯᠬᠦ᠂ ᠤᠮᠪᠠᠵᠤ ᠪᠡᠶ᠎ᠡ ᠤᠬᠢᠶᠠᠬᠤ ᠵᠡᠷᠭᠡ ᠬᠥᠮᠥᠨ ᠤ ᠪᠡᠶ᠎ᠡ ᠮᠠᠬᠠᠪᠤᠳ ᠤᠨ ᠡᠷᠡᠭᠦᠯ | ᠴᠢᠭᠢᠷᠠᠭ ᠢ ᠨᠥᠯᠥᠭᠡᠯᠡᠬᠦ ᠬᠡᠷᠡᠭᠴᠡᠭᠡ ᠳᠤ ᠬᠡᠷᠡᠭᠯᠡᠬᠦ ᠶᠢ ᠴᠠᠭᠠᠵᠠᠯᠠᠨ᠎ᠠ᠃ | ᠬᠤᠷᠢᠨ ᠵᠢᠷᠭᠤᠳᠤᠭᠠᠷ ᠵᠦᠢᠯ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠥᠨ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠪᠣᠬᠢᠷ ᠤᠰᠤ ᠰᠢᠢᠳᠪᠦᠷᠢᠯᠡᠬᠦ ᠵᠠᠷᠤᠳᠠᠯ ᠲᠤᠰᠢᠶᠠᠬᠤ ᠬᠡᠷᠡᠭᠲᠡᠢ᠃ | ᠪᠣᠬᠢᠷ ᠤᠰᠤ ᠰᠢᠢᠳᠪᠦᠷᠢᠯᠡᠬᠦ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠶᠢ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠡᠵᠡᠩᠨᠡᠯᠲᠡ ᠪᠠ ᠪᠤᠵᠠᠷ ᠰᠢᠪᠠᠷ ᠢ ᠰᠢᠢᠳᠪᠦᠷᠢᠯᠡᠬᠦ ᠥᠪᠡᠷ ᠤᠨ ᠥᠷᠲᠡᠭ ᠢ | ᠬᠠᠮᠤᠷᠤᠭᠤᠯᠬᠤ ᠶᠢᠨ ᠬᠠᠮᠲᠤ ᠵᠦᠢ ᠵᠣᠬᠢᠰᠲᠠᠢ ᠠᠰᠢᠭ ᠣᠷᠣᠯᠭ᠎ᠠ ᠲᠠᠢ ᠪᠠᠶᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ | ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ᠂ ᠡᠳ᠋ ᠤᠨ | ᠵᠠᠰᠠᠭ ᠪᠠ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠠᠴᠠ ᠰᠠᠨᠠᠯ ᠳᠤᠷᠠᠳᠴᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠬᠤᠷᠢᠶᠠᠭᠰᠠᠨ ᠪᠣᠬᠢᠷ ᠤᠰᠤ ᠰᠢᠢᠳᠪᠦᠷᠢᠯᠡᠬᠦ ᠵᠠᠷᠤᠳᠠᠯ ᠢᠶᠠᠷ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢᠨ ᠬᠡᠪ ᠤᠨ ᠡᠵᠡᠩᠨᠡᠯᠲᠡ ᠶᠢ ᠪᠠᠲᠤᠯᠠᠵᠤ ᠳᠡᠶᠢᠯᠬᠦ ᠦᠭᠡᠢ ᠳᠤ ᠨᠢ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠨᠡᠮᠡᠭᠦᠷᠢ ᠥᠭᠬᠦ ᠬᠡᠷᠡᠭᠲᠡᠢ᠃ | ᠪᠣᠬᠢᠷ ᠤᠰᠤ ᠰᠢᠢᠳᠪᠦᠷᠢᠯᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠳᠤ ᠣᠷᠣᠭᠤᠯᠵᠤ | ᠂ ᠬᠤᠳᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ | ᠪᠠ ᠪᠤᠵᠠᠷ ᠰᠢᠪᠠᠷ ᠢ ᠰᠢᠢᠳᠪᠦᠷᠢᠯᠡᠬᠦ ᠠᠵᠢᠯ ᠳᠤ ᠲᠤᠰᠬᠠᠢ ᠵᠦᠢᠯ ᠢᠶᠠᠷ ᠬᠡᠷᠡᠭᠯᠡᠬᠦ ᠬᠡᠷᠡᠭᠲᠡᠢ᠂ ᠪᠤᠰᠤᠳ ᠵᠦᠢᠯ ᠳᠤ | ᠨᠡᠭᠦᠯᠭᠡᠨ ᠬᠡᠷᠡᠭᠯᠡᠵᠦ ᠪᠣᠯᠬᠤ ᠦᠭᠡᠢ᠃ | ᠪᠣᠬᠢᠷ ᠤᠰᠤ ᠰᠢᠢᠳᠪᠦᠷᠢᠯᠡᠬᠦ ᠵᠠᠷᠤᠳᠠᠯ ᠢ ᠬᠤᠷᠢᠶᠠᠭᠰᠠᠨ᠂ ᠬᠡᠷᠡᠭᠯᠡᠭᠰᠡᠨ ᠪᠠᠶᠢᠳᠠᠯ ᠢᠶᠠᠨ ᠬᠠᠤᠯᠢ ᠶᠣᠰᠣᠭᠠᠷ | ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ | ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠨᠦᠭᠦᠳ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢ ᠳᠤᠷ᠎ᠠ ᠪᠠᠷ ᠢᠶᠠᠨ ᠠᠵᠢᠯᠯᠠᠭᠤᠯᠬᠤ ᠶᠢ ᠵᠣᠭᠰᠣᠭᠠᠵᠤ ᠪᠣᠯᠬᠤ ᠦᠭᠡᠢ᠂ ᠪᠠᠶᠢᠴᠠᠭᠠᠨ ᠰᠡᠯᠪᠢᠬᠦ ᠵᠡᠷᠭᠡ | ᠰᠢᠯᠲᠠᠭᠠᠨ ᠠᠴᠠ ᠪᠣᠯᠣᠭᠠᠳ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ | ᠠᠵᠢᠯᠯᠠᠭᠤᠯᠬᠤ ᠶᠢ ᠵᠣᠭᠰᠤᠭᠠᠬᠤ ᠪᠤᠶᠤ ᠬᠡᠰᠡᠭ ᠵᠠᠭᠤᠷ᠎ᠠ ᠵᠣᠭᠰᠤᠭᠠᠬᠤ ᠴᠢᠬᠤᠯᠠ ᠲᠠᠢ ᠪᠣᠯ ᠶᠡᠷᠡᠨ ᠠᠵᠢᠯᠯᠠᠬᠤ | ᠡᠳᠦᠷ ᠠᠴᠠ ᠡᠮᠦᠨ᠎ᠡ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠴᠤ ᠪᠠᠶᠢᠭ᠎ᠠ | ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ | ᠨᠢᠭᠡᠴᠢ ᠨᠢ ᠣᠷᠣᠭᠤᠯᠬᠤ ᠤᠰᠤᠨ ᠤ ᠴᠢᠨᠠᠷ ᠪᠠ ᠤᠰᠤᠨ ᠤ ᠬᠡᠮᠵᠢᠶ᠎ᠡ ᠳᠤ ᠬᠡᠴᠡᠭᠦᠦ ᠶᠡᠭᠡ ᠬᠤᠪᠢᠷᠠᠯᠲᠠ | ᠭᠠᠷᠤᠭᠰᠠᠨ ᠠᠴᠠ ᠪᠣᠯᠵᠤ ᠭᠠᠷᠭᠠᠬᠤ ᠤᠰᠤᠨ ᠤ ᠴᠢᠨᠠᠷ ᠨᠢ ᠪᠠᠷᠢᠮᠵᠢᠶ᠎ᠠ ᠠᠴᠠ ᠬᠡᠲᠦᠷᠡᠵᠦ ᠮᠡᠳᠡᠬᠦ ᠪᠤᠶᠤ ᠬᠤᠲᠠ | ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠨᠥᠯᠥᠭᠡᠯᠡᠬᠦ | ᠭᠡᠨᠡᠳᠲᠡ ᠶᠢᠨ ᠪᠠᠶᠢᠳᠠᠯ ᠭᠠᠷᠪᠠᠯ᠂ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠷᠭ᠎ᠠ ᠬᠡᠮᠵᠢᠶ᠎ᠡ | ᠠᠪᠬᠤ ᠶᠢᠨ ᠬᠠᠮᠲᠤ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠴᠤ ᠪᠠᠶᠢᠭ᠎ᠠ | ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠴᠤ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠠᠮᠢ ᠠᠬᠤᠢ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ | ᠣᠯᠣᠭᠰᠠᠨ ᠤ ᠳᠠᠷᠠᠭ᠎ᠠ᠂ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ | ᠪᠣᠬᠢᠷ ᠤᠰᠤ ᠶᠢ ᠰᠢᠢᠳᠪᠦᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠬᠠᠤᠯᠢ | ᠶᠣᠰᠣᠭᠠᠷ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠵᠢᠴᠢ ᠬᠤᠲᠠ | ᠪᠠᠯᠭᠠᠰᠤ ᠶᠢᠨ ᠦᠶᠡᠷ ᠤᠰᠤᠲᠤᠯ ᠢ ᠲᠠᠲᠠᠷᠠᠭᠤᠯᠬᠤ ᠳᠤ ᠴᠢᠬᠤᠯᠠ ᠬᠡᠷᠡᠭᠴᠡᠭᠡᠲᠡᠢ ᠡᠳ᠋ ᠪᠠᠷᠠᠭ᠎ᠠ ᠶᠢ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠬᠡᠷᠡᠭᠲᠡᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠵᠤ | ᠡᠵᠡᠩᠨᠡᠨ ᠠᠵᠢᠯᠯᠠᠭᠤᠯᠬᠤ ᠨᠢᠭᠡᠴᠢ ᠨᠦᠭᠦᠳ ᠲᠣᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠲᠣᠭᠲᠠᠭᠠᠵᠤ᠂ ᠠᠶᠤᠯ ᠠᠴᠠ ᠠᠪᠤᠷᠠᠬᠤ ᠴᠢᠬᠤᠯᠠ ᠪᠦᠬᠦᠢ ᠲᠣᠨᠤᠭ ᠲᠥᠬᠦᠭᠡᠷᠦᠮᠵᠢ᠂ ᠪᠠᠭᠠᠵᠢ | ᠬᠡᠷᠡᠭᠰᠡᠯ ᠢ ᠳᠦᠬᠦᠷᠵᠢᠭᠦᠯᠦᠨ ᠲᠣᠬᠢᠷᠠᠭᠤᠯᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ | ᠵᠣᠬᠢᠶᠠᠨ ᠪᠠᠶᠢᠭᠤᠯᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠤᠰᠤ ᠲᠠᠲᠠᠷᠠᠭᠤᠯᠬᠤ ᠪᠡᠯᠡᠳᠬᠡᠮᠵᠢ ᠶᠢ ᠬᠠᠮᠠᠭᠠᠯᠠᠬᠤ ᠬᠠᠷᠢᠭᠤᠴᠠᠯᠭ᠎ᠠ ᠪᠠᠨ ᠳᠣᠣᠷ᠎ᠠ | ᠵᠢᠭᠰᠠᠭᠠᠭᠰᠠᠨ ᠲᠣᠭᠲᠠᠭᠠᠯ ᠶᠣᠰᠣᠭᠠᠷ ᠬᠤᠪᠢᠶᠠᠷᠢᠯᠠᠨ᠎ᠠ᠄ | ︵ᠨᠢᠭᠡ︶ ᠤᠯᠠᠨ ᠨᠡᠶᠢᠲᠡ ᠶᠢᠨ ᠤᠰᠤ ᠲᠠᠲᠠᠷᠠᠭᠤᠯᠬᠤ ᠬᠤᠭᠤᠯᠠᠢ ᠭᠤᠤᠷᠰᠤ ᠶᠢᠨ ᠲᠣᠣᠷ᠂ ᠬᠥᠭᠡᠷᠭᠡ ᠶᠢᠨ | ᠥᠷᠳᠡᠭᠡ ᠪᠠ ᠲᠣᠬᠢᠷᠠᠭᠤᠯᠤᠨ ᠬᠠᠳᠠᠭᠠᠯᠠᠬᠤ ᠴᠥᠭᠦᠷᠥᠮ ᠵᠡᠷᠭᠡ ᠤᠰᠤ ᠲᠠᠲᠠᠷᠠᠭᠤᠯᠬᠤ ᠪᠡᠯᠡᠳᠬᠡᠮᠵᠢ ᠶᠢ ᠬᠤᠲᠠ | ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ | ᠬᠠᠤᠯᠢ ᠶᠣᠰᠣᠭᠠᠷ ᠲᠣᠭᠲᠠᠭᠠᠭᠰᠠᠨ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠠᠴᠠ ᠬᠠᠷᠢᠭᠤᠴᠠᠵᠤ ᠬᠠᠮᠠᠭᠠᠯᠠᠨ | ᠬᠠᠮᠢᠶᠠᠷᠤᠨ᠎ᠠ︔ | ︵ᠬᠤᠶᠠᠷ︶ ᠤᠰᠤ ᠲᠠᠲᠠᠷᠠᠭᠤᠯᠬᠤ ᠨᠢᠭᠡᠴᠢ ᠪᠤᠶᠤ ᠬᠤᠪᠢ ᠬᠥᠮᠥᠨ ᠤ ᠥᠪᠡᠷ ᠢᠶᠠᠨ ᠪᠠᠶᠢᠭᠤᠯᠤᠭᠰᠠᠨ ᠤᠰᠤ | ᠲᠠᠲᠠᠷᠠᠭᠤᠯᠬᠤ ᠪᠡᠯᠡᠳᠬᠡᠮᠵᠢ ᠪᠠ ᠲᠡᠭᠦᠨ ᠤ ᠤᠯᠠᠨ ᠨᠡᠶᠢᠲᠡ ᠶᠢᠨ ᠤᠰᠤ ᠲᠠᠲᠠᠷᠠᠭᠤᠯᠬᠤ ᠬᠤᠭᠤᠯᠠᠢ ᠭᠤᠤᠷᠰᠤ ᠶᠢᠨ | ᠲᠣᠣᠷ ᠲᠠᠢ ᠬᠤᠯᠪᠣᠭᠰᠠᠨ ᠰᠠᠯᠪᠤᠷᠢ ᠬᠤᠭᠤᠯᠠᠢ ᠶᠢᠨ ᠬᠡᠪᠴᠢᠶᠡᠨ ᠳᠠᠬᠢ ᠪᠡᠯᠡᠳᠬᠡᠮᠵᠢ ᠶᠢ ᠦᠮᠴᠢᠯᠡᠯ ᠤᠨ ᠡᠷᠬᠡ ᠶᠢᠨ | ᠥᠮᠴᠢᠯᠡᠭᠴᠢ ᠪᠤᠶᠤ ᠲᠡᠭᠦᠨ ᠤ ᠨᠠᠶᠢᠳᠠᠭᠰᠠᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠨᠢᠭᠡᠴᠢ ᠠᠴᠠ ᠬᠠᠷᠢᠭᠤᠴᠠᠵᠤ | ᠬᠠᠮᠠᠭᠠᠯᠠᠨ ᠬᠠᠮᠢᠶᠠᠷᠤᠨ᠎ᠠ︔ | ︵ᠭᠤᠷᠪᠠ︶ ᠦᠮᠴᠢᠯᠡᠯ ᠤᠨ ᠡᠷᠬᠡ ᠨᠢ ᠲᠣᠳᠣᠷᠬᠠᠢ ᠦᠭᠡᠢ᠂ ᠣᠷᠣᠨ ᠪᠦᠰᠡ ᠠᠯᠤᠰᠯᠠᠭᠰᠠᠨ ᠪᠤᠶᠤ | ᠬᠠᠮᠠᠭᠠᠯᠠᠬᠤ ᠬᠠᠷᠢᠭᠤᠴᠠᠯᠭ᠎ᠠ ᠶᠢ ᠲᠣᠭᠲᠠᠭᠠᠬᠤ ᠳᠤ ᠪᠡᠷᠬᠡᠲᠡᠢ ᠤᠰᠤ ᠲᠠᠲᠠᠷᠠᠭᠤᠯᠬᠤ ᠪᠡᠯᠡᠳᠬᠡᠮᠵᠢ ᠶᠢ ᠬᠤᠲᠠ | ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠶ᠎ᠠ | ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ ᠶᠢᠨ ᠭᠤᠣᠯ | ᠴᠣᠭᠴᠠ ᠶᠢ ᠲᠣᠭᠲᠠᠭᠠᠨ᠎ᠠ᠃ | ᠭᠤᠴᠢᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢ ᠵᠢᠭᠰᠠᠭᠠᠨ ᠪᠠᠶᠢᠴᠠᠭᠠᠵᠤ | ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠰᠢᠨ᠎ᠡ ᠪᠠᠷ ᠪᠠᠶᠢᠭᠤᠯᠬᠤ ᠤᠰᠤ | ᠲᠠᠲᠠᠷᠠᠭᠤᠯᠬᠤ ᠬᠤᠭᠤᠯᠠᠢ ᠭᠤᠤᠷᠰᠤ ᠶᠢᠨ ᠲᠣᠣᠷ ᠤᠨ ᠶᠠᠰᠤ ᠴᠢᠨᠠᠷ ᠢ ᠪᠠᠶᠢᠴᠠᠭᠠᠨ ᠰᠢᠨᠵᠢᠬᠦ ᠪᠠ ᠨᠢᠭᠡᠨᠲᠡ ᠪᠠᠶᠢᠭ᠎ᠠ | ᠤᠰᠤ ᠲᠠᠲᠠᠷᠠᠭᠤᠯᠬᠤ ᠬᠤᠭᠤᠯᠠᠢ ᠭᠤᠤᠷᠰᠤ ᠶᠢᠨ ᠲᠣᠣᠷ ᠤᠨ ᠣᠳᠣᠬᠢ ᠪᠠᠶᠢᠳᠠᠯ ᠢ ᠦᠨᠡᠯᠡᠨ ᠵᠢᠱᠢᠬᠦ ᠠᠵᠢᠯ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠨ ᠵᠢᠯ ᠤᠳᠠᠵᠤ ᠬᠠᠭᠤᠴᠢᠷᠠᠨ ᠡᠪᠳᠡᠷᠡᠭᠰᠡᠨ᠂ | ᠬᠤᠯᠢᠯᠳᠤᠭᠤᠯᠤᠨ ᠬᠤᠯᠪᠣᠭᠰᠠᠨ ᠪᠤᠷᠤᠭᠤ ᠬᠤᠯᠪᠣᠭᠰᠠᠨ ᠬᠤᠯᠪᠣᠬᠤ ᠠᠴᠠ ᠣᠷᠬᠢᠭᠳᠠᠭᠤᠯᠤᠭᠰᠠᠨ ᠵᠡᠷᠭᠡ | ᠠᠰᠠᠭᠤᠳᠠᠯ ᠲᠠᠢ ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠬᠤᠳᠠ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠤᠶᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠳᠤ ᠪᠠᠨ ᠣᠷᠣᠭᠤᠯᠬᠤ | ᠬᠡᠷᠡᠭᠲᠡᠢ᠃ | ᠭᠤᠴᠢᠨ ᠨᠢᠭᠡᠳᠦᠭᠡᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠲᠠ ᠪᠠᠯᠭᠠᠰᠤ ᠶᠢᠨ | ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠲᠤᠰᠬᠠᠶᠢᠵᠢᠭᠰᠠᠨ ᠠᠵᠢᠯᠯᠠᠭᠤᠯᠵᠤ | ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭᠤᠯᠠᠢ ᠭᠤᠤᠷᠰᠤ ᠶᠢᠨ | ᠲᠣᠣᠷ᠂ ᠬᠥᠭᠡᠷᠭᠡ ᠶᠢᠨ ᠥᠷᠳᠡᠭᠡ᠂ ᠲᠣᠬᠢᠷᠠᠭᠤᠯᠤᠨ ᠬᠠᠳᠠᠭᠠᠯᠠᠬᠤ ᠴᠦᠬᠦᠷᠦᠮ ᠢ ᠬᠤᠯᠪᠤᠭᠠᠯᠠᠨ ᠬᠠᠮᠠᠭᠠᠯᠠᠬᠤ ᠶᠢ | ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠶᠢ | ᠬᠡᠷᠡᠭᠵᠢᠭᠦᠯᠬᠦ ᠶᠢ ᠵᠣᠷᠢᠭᠵᠢᠭᠤᠯᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠶᠢᠨ ᠰᠢᠰᠲ᠋ᠧᠮᠲᠦ | ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠨᠦᠭᠦᠳ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠢ ᠭᠤᠤᠷᠰᠤ ᠬᠤᠳᠳᠤᠭ ᠤᠨ ᠬᠠᠪᠬᠠᠭᠠᠰᠤ | ᠵᠡᠷᠭᠡ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠡᠳᠦᠷ | ᠲᠤᠳᠦᠮ ᠤᠨ ᠲᠣᠭᠤᠷᠢᠨ ᠪᠠᠶᠢᠴᠠᠭᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ | ᠪᠡᠯᠡᠳᠬᠡᠮᠵᠢ ᠶᠢᠨ ᠠᠶᠤᠯ ᠦᠭᠡᠢ ᠠᠵᠢᠯᠯᠠᠭᠠᠨ ᠢ ᠪᠠᠲᠤᠯᠠᠬᠤ ᠬᠡᠷᠡᠭᠲᠡᠢ᠃ | ᠬᠤᠭᠤᠯᠠᠢ ᠭᠤᠤᠷᠰᠤ ᠶᠢᠨ ᠲᠣᠣᠷ ᠢ ᠠᠷᠠᠴᠢᠯᠠᠨ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠤᠰᠤ | ᠲᠠᠲᠠᠷᠠᠭᠤᠯᠬᠤ ᠠᠵᠢᠯ᠂ ᠬᠤᠳᠳᠤᠭ ᠳᠣᠲᠣᠷᠠᠬᠢ ᠵᠢᠴᠢ ᠬᠢᠵᠠᠭᠠᠷ ᠲᠠᠢ ᠣᠷᠣᠨ ᠵᠠᠢ ᠳᠠᠬᠢ ᠠᠵᠢᠯᠯᠠᠭᠠᠨ ᠥᠷᠨᠢᠭᠦᠯᠵᠦ | ᠪᠠᠶᠢᠪᠠᠯ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ | ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠨᠦᠭᠦᠳ ᠲᠤᠰᠬᠠᠢ ᠠᠵᠢᠯᠲᠠᠨ ᠲᠣᠬᠢᠷᠠᠭᠤᠯᠤᠨ ᠲᠤᠬᠠᠢ ᠶᠢᠨ | ᠭᠠᠵᠠᠷ ᠲᠤ ᠨᠢ ᠠᠶᠤᠯ ᠦᠭᠡᠢ ᠶᠢᠨ ᠬᠠᠮᠢᠶᠠᠷᠤᠯᠲᠠ ᠬᠢᠯᠭᠡᠵᠦ᠂ ᠢᠯᠠ ᠲᠣᠳᠣ ᠰᠡᠷᠡᠮᠵᠢ ᠶᠢᠨ ᠲᠡᠮᠳᠡᠭ ᠲᠠᠯᠪᠢᠵᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠥᠮᠥᠨ ᠬᠠᠷ᠎ᠠ ᠤᠨᠠᠵᠤ ᠣᠶᠢᠴᠢᠬᠤ᠂ ᠲᠡᠷᠭᠡ ᠤᠨᠤᠭ᠎ᠠ ᠰᠢᠭᠠᠵᠤ | ᠤᠨᠠᠬᠤ ᠠᠴᠠ ᠵᠠᠶᠢᠯᠠᠰᠬᠢᠬᠦ ᠶᠢᠨ ᠬᠠᠮᠲᠤ ᠬᠤᠭᠤᠯᠠᠢ ᠭᠤᠤᠷᠰᠤ ᠬᠤᠳᠳᠤᠭ ᠤᠨ ᠬᠠᠪᠬᠠᠭᠠᠰᠤ ᠶᠢ ᠴᠠᠭ | ᠲᠤᠬᠠᠢ ᠳᠤ ᠨᠢ ᠣᠷᠣ ᠣᠷᠣᠨ ᠳᠤ ᠨᠢ ᠣᠷᠣᠭᠤᠯᠵᠤ᠂ ᠠᠵᠢᠯᠯᠠᠬᠤ ᠳᠦᠷᠢᠮ ᠢ ᠵᠢᠷᠤᠮᠯᠠᠬᠤ ᠪᠠ ᠠᠶᠤᠯ ᠦᠭᠡᠢ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠣᠨᠴᠠ | ᠲᠦᠷᠦᠯ ᠤᠨ ᠠᠵᠢᠯ ᠬᠢᠭᠰᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠬᠢᠷᠢ ᠬᠡᠮ ᠤᠨ | ᠦᠨᠡᠮᠯᠡᠯ ᠣᠯᠣᠭᠰᠠᠨ ᠪᠠᠶᠢᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢ ᠬᠠᠮᠠᠭᠠᠯᠠᠵᠤ | ᠡᠵᠡᠩᠨᠡᠨ ᠠᠵᠢᠯᠯᠠᠭᠤᠯᠬᠤ ᠨᠢᠭᠡᠴᠢ ᠨᠦᠭᠦᠳ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢ | ᠱᠠᠯᠠᠪᠳᠠᠨ ᠵᠠᠰᠠᠬᠤ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ | ᠵᠠᠰᠠᠭ ᠵᠠᠬᠢᠷᠭᠠᠨ ᠪᠠ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠰᠢᠲᠠᠮᠠᠬᠠᠢ ᠬᠡᠢ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠨᠦᠭᠦᠳ ᠢᠳᠡᠪᠬᠢᠲᠡᠢ ᠪᠠᠷ ᠬᠠᠮᠵᠢᠯᠴᠠᠬᠤ ᠬᠡᠷᠡᠭᠲᠡᠶ︔ | ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠳᠡᠮᠵᠢᠯᠭᠡ ᠦᠵᠡᠭᠦᠯᠬᠦ ᠬᠡᠷᠡᠭᠲᠡᠢ᠂ ᠬᠠᠷᠰᠢᠯᠠᠨ ᠰᠠᠭᠠᠲᠠᠭᠠᠵᠤ | ᠪᠣᠯᠬᠤ ᠦᠭᠡᠢ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠤᠲᠠ ᠪᠠᠯᠭᠠᠰᠤ ᠶᠢᠨ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠤᠯᠵᠤ ᠪᠠᠲᠤᠯᠠᠬᠤ ᠪᠠ ᠬᠠᠮᠠᠭᠠᠯᠠᠵᠤ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ ᠪᠠᠶᠢᠴᠠᠭᠠᠭᠰᠠᠨ ᠪᠠᠶᠢᠳᠠᠯ | ᠬᠢᠭᠡᠳ ᠦᠷ᠎ᠡ ᠳ᠋ᠦᠩ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠨ | ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄ | ︵ᠨᠢᠭᠡ︶ ᠲᠤᠬᠠᠢ ᠶᠢᠨ ᠲᠠᠯᠠᠪᠤᠷ ᠲᠤ ᠣᠷᠣᠵᠤ ᠪᠠᠶᠢᠴᠠᠭᠠᠬᠤ᠂ ᠬᠢᠨᠠᠨ ᠰᠢᠨᠵᠢᠬᠦ︔ | ︵ᠬᠤᠶᠠᠷ︶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠪᠠᠶᠢᠴᠠᠭᠠᠨ ᠦᠵᠡᠬᠦ᠂ | ᠬᠠᠭᠤᠯᠪᠤᠷᠢᠯᠠᠨ ᠠᠪᠬᠤ︔ | ︵ᠭᠤᠷᠪᠠ︶ ᠬᠢᠨᠠᠨ ᠪᠠᠶᠢᠴᠠᠭᠠᠭᠳᠠᠵᠤ ᠪᠠᠶᠢᠭ᠎ᠠ ᠨᠢᠭᠡᠴᠢ ᠪᠠ ᠬᠤᠪᠢ ᠬᠥᠮᠥᠨ ᠢ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ᠃ | ᠬᠢᠨᠠᠨ ᠪᠠᠶᠢᠴᠠᠭᠠᠭᠳᠠᠵᠤ ᠪᠠᠶᠢᠭ᠎ᠠ ᠨᠢᠭᠡᠴᠢ ᠪᠠ ᠬᠤᠪᠢ ᠬᠥᠮᠥᠨ ᠠᠴᠠ ᠬᠠᠮᠢᠶ᠎ᠠ ᠪᠦᠬᠦᠢ ᠠᠵᠢᠯ ᠳᠤ | ᠬᠠᠮᠵᠢᠯᠴᠠᠬᠤ ᠬᠡᠷᠡᠭᠲᠡᠢ᠂ ᠬᠠᠤᠯᠢ ᠶᠣᠰᠣᠭᠠᠷ ᠶᠠᠪᠤᠭᠳᠠᠵᠤ ᠪᠠᠶᠢᠭ᠎ᠠ ᠬᠢᠨᠠᠨ ᠪᠠᠶᠢᠴᠠᠭᠠᠬᠤ ᠠᠵᠢᠯᠯᠠᠭ᠎ᠠ ᠶᠢ ᠬᠠᠷᠰᠢᠯᠠᠬᠤ | ᠪᠠ ᠬᠤᠷᠢᠭᠯᠠᠵᠤ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠪᠠᠯᠭᠠᠰᠤ ᠶᠢᠨ | ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠢᠲᠡᠭᠡᠮᠵᠢ ᠶᠢᠨ ᠳᠦᠷᠢᠮ ᠢ ᠪᠠᠶᠢᠭᠤᠯᠵᠤ᠂ ᠤᠰᠤ | ᠲᠠᠲᠠᠷᠠᠭᠤᠯᠬᠤ ᠡᠷᠥᠭᠡ᠂ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠵᠡᠷᠭᠡ ᠬᠢᠨᠠᠯᠲᠠ ᠲᠠᠯᠪᠢᠵᠤ ᠬᠠᠮᠢᠶᠠᠷᠬᠤ | ᠡᠲᠡᠭᠡᠳ ᠲᠤ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠵᠢᠷᠤᠮᠯᠠᠭᠰᠠᠳ ᠢ ᠤᠷᠮᠠᠰᠢᠭᠤᠯᠬᠤ᠂ | ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠲᠤᠰ ᠠᠷᠭ᠎ᠠ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠦᠷᠢᠨᠰᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ | ᠮᠠᠶ᠋ᠢᠭ ᠢ ᠨᠡᠶᠢᠲᠡᠯᠡᠬᠦ ᠶᠢᠨ ᠬᠠᠮᠲᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ | ᠪᠠ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ | ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ | ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠭᠤᠴᠢᠨ ᠨᠠᠢᠮᠠᠳᠤᠭᠠᠷ ᠵᠦᠢᠯ ᠬᠤᠳᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ | ᠰᠢᠢᠳᠪᠦᠷᠢᠯᠡᠬᠦ ᠠᠵᠢᠯ ᠤᠨ ᠳᠤᠮᠳᠠ᠂ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠨ ᠳᠤ ᠬᠠᠤᠯᠢ ᠶᠣᠰᠣᠭᠠᠷ | ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2010 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 174 ᠳ᠋ᠦ᠋ᠭᠡᠷ ᠲᠣᠭᠠᠲᠤ ᠪᠠᠷ | ᠨᠡᠶᠢᠲᠡᠯᠡᠵᠦ᠂ 2018 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠤᠨ ︽ᠵᠠᠰᠠᠭ ᠤᠨ ᠣᠷᠳᠣᠨ ᠤ ᠬᠡᠰᠡᠭ | ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 230 ᠳ᠋ᠤᠭᠠᠷ ᠲᠣᠭᠠᠲᠤ︶ ᠢ ᠦᠨᠳᠦᠰᠦᠯᠡᠨ ᠵᠠᠰᠠᠪᠤᠷᠢ | ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | |