ᠨᠠᠷᠢᠯᠢᠭ ᠰᠣᠩᠭᠤᠬᠤ ᠲᠣᠬᠢᠷᠠᠮᠵᠢᠲᠠᠢ ᠬᠡᠯᠪᠡᠷᠢ ᠮᠠᠶ᠋ᠢᠭ ᠤᠨ ᠲᠣᠭᠤᠷᠢᠭ ᠨᠦᠬᠡ ᠪᠤᠶᠤ ᠤᠷᠲᠤ ᠨᠦᠬᠡ ᠲᠠᠢ | ᠡᠯᠬᠡᠭ ᠢ ᠰᠣᠩᠭᠤᠵᠤ ᠡᠰᠢ ᠰᠦᠷᠡᠯ᠂ ᠰᠢᠪᠠᠷ ᠰᠢᠷᠣᠢ᠂ ᠬᠠᠮᠰᠠᠶᠢᠭᠰᠠᠨ ᠮᠥᠬᠦᠯᠢᠭ ᠪᠠ ᠬᠤᠯᠢᠴᠠ ᠶᠢ ᠴᠡᠪᠡᠷᠯᠡᠨ | ᠠᠷᠢᠯᠭᠠᠬᠤ ᠬᠡᠷᠡᠭᠲᠡᠢ︔ ᠳᠡᠪᠢᠭᠦᠷ ᠢᠶᠠᠷ ᠵᠢᠮᠢᠰ ᠤᠨ ᠬᠠᠯᠢᠰᠤ᠂ ᠦᠯᠡᠳᠡᠭᠳᠡᠯ ᠨᠠᠪᠴᠢ ᠵᠢᠴᠢ ᠬᠥᠩᠭᠡᠨ ᠬᠠᠮᠰᠠᠶᠢᠭᠰᠠᠨ | ᠦᠷ᠎ᠡ ᠶᠢ ᠴᠡᠪᠡᠷᠯᠡᠬᠦ ᠬᠡᠷᠡᠭᠲᠡᠢ᠃ ᠨᠠᠷᠠᠨ ᠳᠤ ᠡᠭᠡᠭᠡᠬᠦ ᠰᠠᠶ᠋ᠢᠬᠠᠨ ᠬᠤᠷᠢᠶᠠᠭᠰᠠᠨ ᠦᠷ᠎ᠡ ᠪᠠᠨ ᠰᠠᠯᠬᠢ ᠦᠭᠡᠢ | ᠲᠤᠩᠭᠠᠯᠠᠭ ᠡᠳᠦᠷ ᠨᠡᠷᠡᠨ ᠳᠤ ᠡᠭᠡᠭᠡᠵᠦ᠂ ᠤᠰᠤᠨ ᠤ ᠠᠭᠤᠯᠤᠭᠳᠠᠴᠠ ᠶᠢ ᠠᠶᠤᠯ ᠦᠭᠡᠢ ᠬᠡᠪᠴᠢᠶᠡᠨ ᠠᠴᠠ ᠳᠣᠣᠷ᠎ᠠ | ᠪᠠᠶᠢᠯᠭᠠᠬᠤ ᠬᠡᠷᠡᠭᠲᠡᠢ᠃ ᠦᠷ᠎ᠡ ᠶᠢ ᠨᠡᠷᠡᠨ ᠳᠤ ᠡᠭᠡᠭᠡᠬᠦ ᠳᠤ ᠠᠶᠠᠨᠳᠠᠭᠠᠨ ᠬᠠᠳᠠᠭᠠᠬᠤ ᠠᠷᠭ᠎ᠠ ᠶᠢ ᠬᠡᠷᠡᠭᠯᠡᠵᠦ᠂ | ᠲᠡᠭᠦᠭᠰᠡᠨ ᠤ ᠳᠠᠷᠠᠭᠠᠬᠢ ᠦᠷ᠎ᠡ ᠶᠢ ᠣᠷᠬᠢᠭᠤᠯ ᠪᠤᠶᠤ ᠴᠢᠬᠢᠷᠰᠦ ᠳᠡᠭᠡᠷ᠎ᠡ ᠳᠡᠯᠭᠡᠵᠦ ᠬᠠᠲᠠᠭᠠᠨ᠂ ᠬᠡᠰᠡᠭ | ᠬᠤᠭᠤᠴᠠᠭ᠎ᠠ ᠠᠯᠤᠰᠯᠠᠬᠤ ᠪᠦᠷᠢ ᠨᠢᠭᠡ ᠤᠳᠠᠭ᠎ᠠ ᠤᠷᠪᠠᠭᠤᠯᠵᠤ᠂ ᠢᠩᠭᠢᠪᠡᠯ ᠤᠰᠤᠨ ᠤ ᠠᠭᠤᠷᠰᠢᠯᠲᠠ ᠶᠢ | ᠲᠦᠷᠭᠡᠳᠬᠡᠵᠦ᠂ ᠳᠠᠷᠤᠢ ᠤᠰᠤ ᠶᠢ ᠠᠶᠤᠯ ᠦᠭᠡᠢ ᠬᠠᠳᠠᠭᠠᠯᠠᠵᠤ ᠴᠢᠳᠠᠨ᠎ᠠ᠃ ᠬᠠᠳᠠᠭᠠᠯᠠᠬᠤ ᠬᠤᠩᠭᠤᠷᠴᠤᠭ ᠲᠠᠢ | ᠪᠤᠶᠤ ᠪᠦᠬᠦᠯᠢ ᠰᠠᠯᠠᠭ᠎ᠠ ᠶᠢ ᠨᠢ ᠬᠠᠳᠠᠭᠠᠯᠠᠵᠤ᠂ ᠬᠤᠷᠢᠶᠠᠭᠰᠠᠨ ᠤ ᠳᠠᠷᠠᠭᠠᠬᠢ ᠢᠳᠡᠰᠢᠨ ᠨᠣᠭᠤᠭᠠᠨ ᠤ ᠦᠷ᠎ᠡ ᠶᠢ | ᠪᠣᠭᠤᠭᠠᠳ ᠰᠡᠷᠢᠭᠦᠨ ᠵᠢᠪᠠᠷ ᠨᠡᠪᠲᠡᠷᠡᠬᠦ ᠭᠠᠵᠠᠷ ᠲᠤ ᠡᠯᠭᠦᠵᠦ᠂ ᠬᠡᠷᠡᠭᠯᠡᠬᠦ ᠦᠶ᠎ᠡ ᠳᠤ ᠲᠡᠭᠦᠵᠦ ᠮᠦᠯᠢᠨᠡ︔ | ᠤᠭᠤᠲᠠᠨ ᠳᠤ ᠬᠢᠵᠦ ᠬᠠᠳᠠᠭᠠᠯᠠᠬᠤ ᠠᠷᠭ᠎ᠠ᠄ ᠬᠤᠷᠢᠶᠠᠵᠤ ᠠᠪᠤᠭᠰᠠᠨ ᠢᠳᠡᠰᠢᠨ ᠨᠣᠭᠤᠭ᠎ᠠ ᠶᠢᠨ ᠦᠷ᠎ᠡ ᠶᠢ | ᠦᠬᠡᠷ ᠤᠨ ᠠᠷᠠᠰᠤᠨ ᠴᠠᠭᠠᠰᠤᠨ ᠤᠭᠤᠲᠠ ᠪᠤᠶᠤ ᠪᠥᠰ ᠤᠨ ᠤᠭᠤᠲᠠᠨ ᠳᠤ ᠬᠢᠵᠦ᠂ ᠬᠠᠭᠤᠷᠠᠢ ᠰᠠᠯᠬᠢ ᠨᠡᠪᠲᠡᠷᠡᠬᠦ | ᠭᠠᠵᠠᠷ ᠲᠤ ᠲᠠᠯᠪᠢᠵᠤ᠂ ᠬᠡᠷᠡᠭᠯᠡᠬᠦ ᠦᠶ᠎ᠡ ᠳᠤ ᠭᠠᠷᠭᠠᠨ ᠠᠪᠤᠨ᠎ᠠ︔ ᠥᠨᠳᠥᠷ ᠳᠡᠭᠦᠵᠢᠯᠡᠨ ᠬᠠᠳᠠᠭᠠᠯᠠᠬᠤ ᠠᠷᠭ᠎ᠠ᠄ | ᠤᠷᠢᠳ ᠢᠶᠠᠷ ᠦᠷ᠎ᠡ ᠶᠢ ᠬᠠᠳᠠᠭᠠᠭᠠᠳ ᠰᠠᠶ᠋ᠢ ᠱᠠ ᠪᠥᠰ ᠢᠶᠠᠷ ᠵᠢᠵᠢᠭ ᠤᠭᠤᠲᠠ ᠪᠣᠯᠭᠠᠨ ᠰᠠᠪᠠᠯᠠᠵᠤ᠂ ᠰᠠᠯᠬᠢ ᠵᠢᠪᠠᠷ | ᠨᠡᠪᠲᠡᠷᠡᠭᠰᠡᠨ᠂ ᠰᠡᠷᠢᠭᠦᠨ ᠭᠡᠷ ᠤᠨ ᠣᠷᠣᠢ ᠳᠣᠣᠷ᠎ᠠ ᠳᠡᠭᠦᠵᠢᠯᠡᠨ᠎ᠡ᠂ ᠢᠩᠭᠢᠪᠡᠯ ᠦᠷ᠎ᠡ ᠶᠢ ᠠᠮᠠᠷᠬᠠᠨ ᠴᠢᠭᠢᠭᠲᠦᠭᠦᠯᠬᠦ | ᠦᠭᠡᠢ ᠪᠥᠭᠡᠳ ᠴᠢᠨᠠᠷ ᠨᠢ ᠬᠤᠪᠢᠷᠠᠳᠠᠭ ᠦᠭᠡᠢ︔ ᠳᠣᠣᠷ᠎ᠠ ᠳᠤᠯᠠᠭᠠᠨ᠂ ᠬᠠᠭᠤᠷᠠᠢ᠂ ᠠᠭᠠᠷ ᠦᠭᠡᠢ ᠬᠤᠭᠤᠰᠤᠨ | ᠬᠦᠨᠳᠡᠢ ᠨᠥᠬᠦᠴᠡᠯ ᠳᠣᠣᠷ᠎ᠠ ᠬᠠᠳᠠᠭᠠᠯᠠᠵᠤ᠂ ᠢᠯᠵᠢᠷᠡᠬᠦ ᠶᠢ ᠰᠡᠷᠭᠡᠶᠢᠯᠡᠬᠦ ᠰᠢᠷ ᠲᠠᠢ ᠰᠦᠯᠢᠶᠥᠦ ᠴᠠᠭᠠᠰᠤᠨ | ᠤᠭᠤᠲᠠᠨ ᠳᠤ ᠪᠤᠶᠤ ᠪᠢᠲᠡᠭᠦᠮᠵᠢᠲᠦ ᠴᠢᠨᠠᠷ ᠢᠶᠠᠷ ᠨᠡᠯᠢᠶᠡᠳ ᠰᠠᠶᠢᠨ ᠸᠠᠭᠠᠷ ᠪᠣᠳᠣᠩ ᠳᠤ ᠬᠢᠵᠦ᠂ ᠳᠣᠲᠣᠷ᠎ᠠ ᠨᠢ | ᠪᠠᠭ᠎ᠠ ᠬᠡᠮᠵᠢᠶᠡᠨ ᠤ ᠲᠦᠭᠦᠬᠡᠢ ᠴᠣᠬᠤᠢ ᠳᠡᠪᠢᠰᠪᠡᠯ ᠴᠢᠭᠢᠭ ᠤᠨ ᠬᠡᠮᠵᠢᠶ᠎ᠡ ᠶᠢ ᠪᠠᠭᠤᠷᠠᠭᠤᠯᠬᠤ ᠮᠥᠷᠲᠡᠭᠡᠨ ᠪᠠᠰᠠ | ᠦᠷ᠎ᠡ ᠶᠢᠨ ᠬᠦᠴᠢᠯᠲᠥ᠋ᠷᠥᠭᠴᠢ ᠶᠢ ᠬᠠᠩᠭᠠᠵᠤ ᠴᠢᠳᠠᠨ᠎ᠠ᠃ ᠬᠠᠳᠠᠭᠠᠯᠠᠬᠤ ᠠᠴᠠ ᠡᠮᠦᠨ᠎ᠡ ᠬᠥᠯᠳᠡᠭᠡᠵᠦ ᠰᠢᠢᠳᠪᠦᠷᠢᠯᠡᠨ | ᠂ ᠬᠤᠷᠣᠬᠠᠶᠢᠲᠤᠬᠤ ᠠᠴᠠ ᠰᠡᠷᠭᠡᠶᠢᠯᠡᠬᠦ ᠠᠮᠤ ᠪᠤᠳᠠᠭᠠᠨ ᠤ ᠬᠤᠣᠷᠲᠤ ᠬᠤᠷᠣᠬᠠᠢ ᠶᠡᠷᠦ ᠳᠡᠭᠡᠨ ᠣᠷᠴᠢᠨ ᠲᠣᠭᠤᠷᠢᠨ ᠤ | ᠳᠤᠯᠠᠭᠠᠨ ᠤ ᠬᠡᠮᠵᠢᠶ᠎ᠡ 4℃-8℃ ᠤᠨ ᠦᠶ᠎ᠡ ᠳᠤ ᠬᠥᠳᠡᠯᠭᠡᠭᠡᠨ ᠬᠢᠬᠦ ᠪᠠᠨ ᠵᠣᠭᠰᠣᠵᠤ᠂ 1℃-4℃ ᠤᠨ | ᠦᠶ᠎ᠡ ᠳᠤ ᠬᠦᠢᠲᠡᠨ ᠮᠢᠨᠴᠦᠭᠦᠷᠡᠯ ︵ᠡᠪᠦᠯ ᠢᠴᠡᠭᠡᠯᠡᠬᠦ︶ ᠪᠠᠶᠢᠳᠠᠯ ᠳᠤ ᠣᠷᠣᠵᠤ᠂ -4℃ ᠠᠴᠠ ᠳᠣᠣᠷ᠎ᠠ ᠪᠣᠯᠪᠠᠯ | ᠦᠬᠦᠵᠦ ᠮᠡᠳᠡᠨ᠎ᠡ᠃ ᠬᠠᠬᠢᠷ ᠬᠦᠢᠲᠡᠨ ᠭᠠᠩ ᠬᠠᠭᠤᠷᠠᠢ ᠲᠤᠩᠭᠠᠯᠠᠭ ᠡᠳᠦᠷ ᠢ ᠰᠣᠩᠭᠤᠵᠤ᠂ ᠦᠳᠡ ᠶᠢᠨ | ᠬᠤᠶᠢᠨᠠᠬᠢ 5 ᠴᠠᠭ ᠤᠨ ᠦᠶ᠎ᠡ ᠪᠠᠷ ᠠᠮᠤ ᠪᠤᠳᠠᠭ᠎ᠠ ᠪᠠᠨ ᠲᠠᠯᠠᠪᠠᠶ ᠳᠤ ᠳᠡᠯᠭᠡᠵᠦ 12 ᠴᠠᠭ ᠠᠯᠤᠰᠯᠠᠬᠤ ᠪᠦᠷᠢ ᠨᠢᠭᠡ | ᠤᠳᠠᠭ᠎ᠠ ᠤᠷᠪᠠᠭᠤᠯᠤᠨ᠎ᠠ᠃ ᠰᠥᠨᠢ ᠬᠢᠷᠠᠭᠤᠳᠠᠬᠤ ᠠᠴᠠ ᠡᠮᠦᠨ᠎ᠡ ᠠᠮᠤ ᠪᠤᠳᠠᠭ᠎ᠠ ᠪᠠᠨ ᠣᠪᠣᠭᠠᠯᠠᠨ ᠪᠦᠲᠡᠭᠡᠵᠦ᠂ | ᠴᠢᠭᠢᠭᠲᠦᠬᠦ ᠠᠴᠠ ᠰᠡᠷᠭᠡᠢᠯᠡᠬᠦ ᠬᠡᠷᠡᠭᠲᠡᠢ᠃ ᠳᠠᠷᠠᠭ᠎ᠠ ᠡᠳᠦᠷ ᠨᠢ ᠨᠠᠷᠠ ᠭᠠᠷᠬᠤ ᠠᠴᠠ ᠡᠮᠦᠨ᠎ᠡ ᠬᠦᠢᠲᠡᠨ ᠢ | ᠳᠠᠯᠢᠮᠳᠠᠭᠤᠯᠤᠨ ᠬᠦᠮᠦᠷᠭᠡᠯᠡᠵᠤ᠂ ᠳᠠᠷᠠᠭ᠎ᠠ ᠨᠢ ᠠᠮᠤ ᠪᠤᠳᠠᠭᠠᠨ ᠤ ᠬᠥᠮᠥᠷᠭᠡ ᠶᠢ ᠪᠢᠲᠡᠭᠦᠮᠵᠢᠯᠡᠵᠦ᠂ ᠳᠣᠣᠷ᠎ᠠ | ᠳᠤᠯᠠᠭᠠᠨ ᠢ ᠪᠠᠲᠤᠯᠠᠬᠤ ᠬᠡᠷᠡᠭᠲᠡᠢ᠃ ᠬᠥᠯᠳᠡᠭᠡᠬᠦ ᠴᠠᠭ ᠢ ᠠᠮᠤ ᠪᠤᠳᠠᠭᠠᠨ ᠤ ᠳᠤᠯᠠᠭᠠᠨ ᠪᠠ ᠬᠤᠣᠷᠲᠤ | ᠬᠤᠷᠣᠬᠠᠢ ᠶᠢᠨ ᠦᠬᠦᠭᠰᠡᠨ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ᠂ ᠶᠡᠷᠦ ᠳᠡᠭᠡᠨ ᠵᠠᠯᠭᠠᠭᠠᠪᠡᠷ 23 | ᠡᠳᠦᠷ ᠬᠥᠯᠳᠡᠭᠡᠭᠰᠡᠨ ᠤ ᠳᠠᠷᠠᠭ᠎ᠠ ᠬᠦᠮᠦᠷᠭᠡᠯᠡᠵᠤ᠂ ᠬᠤᠷᠣᠬᠠᠢ ᠠᠯᠠᠬᠤ ᠦᠢᠯᠡᠳᠦᠯ ᠨᠢ ᠨᠡᠯᠢᠶᠡᠳ ᠰᠠᠶᠢᠨ ᠪᠠᠶᠢᠳᠠᠭ᠃ | ᠪᠠᠰᠠ ᠬᠠᠬᠢᠷ ᠬᠦᠢᠲᠡᠨ ᠲᠤᠩᠭᠠᠯᠠᠭ ᠡᠳᠦᠷ ᠰᠠᠩ ᠬᠥᠮᠥᠷᠭᠡ ᠶᠢᠨ ᠡᠭᠦᠳᠡ ᠴᠣᠩᠬᠤ ᠶᠢ ᠨᠡᠭᠡᠭᠡᠵᠦ᠂ ᠰᠠᠯᠬᠢ | ᠨᠡᠪᠲᠡᠷᠡᠭᠦᠯᠦᠨ ᠠᠭᠠᠷ ᠰᠣᠯᠢᠬᠤ ᠶᠢᠨ ᠬᠠᠮᠲᠤ ᠠᠮᠤ ᠪᠤᠳᠠᠭᠠᠨ ᠤ ᠭᠠᠳᠠᠷᠭᠤ ᠶᠢ ᠤᠷᠪᠠᠭᠤᠯᠬᠤ ᠪᠤᠶᠤ ᠮᠠᠰᠢᠨ ᠢᠶᠠᠷ | ᠰᠠᠯᠬᠢ ᠨᠡᠪᠲᠡᠷᠡᠭᠦᠯᠦᠨ ᠳᠤᠯᠠᠭᠠᠨ ᠤ ᠬᠡᠮᠵᠢᠶ᠎ᠡ ᠶᠢ ᠳᠣᠷᠣᠭᠰᠢᠯᠠᠭᠤᠯᠵᠤ ᠪᠣᠯᠣᠨ᠎ᠠ᠃ ᠠᠮᠤ ᠪᠤᠳᠠᠭ᠎ᠠ ᠤ ᠳᠤᠯᠠᠭᠠᠨ | ᠳᠣᠷᠣᠭᠰᠢᠯᠠᠭᠠᠳ ᠭᠠᠳᠠᠭᠠᠳᠤ ᠣᠷᠴᠢᠨ ᠤ ᠬᠠᠮᠤᠭ ᠳᠣᠣᠷ᠎ᠠ ᠳᠤᠯᠠᠭᠠᠨ ᠳᠤ ᠣᠶᠢᠷᠠᠳᠬᠤ ᠦᠶ᠎ᠡ ᠳᠤ᠂ ᠠᠮᠤ | ᠪᠤᠳᠠᠭᠠᠨ ᠤ ᠭᠠᠳᠠᠷᠭᠤ ᠶᠢ ᠲᠡᠭᠰᠢᠯᠡᠨ᠂ ᠡᠭᠦᠳᠡ ᠴᠣᠩᠬᠤ ᠶᠢ ᠨᠢᠭᠲᠠ ᠪᠢᠲᠡᠭᠦᠮᠵᠢᠯᠡᠵᠦ᠂ ᠳᠣᠣᠷ᠎ᠠ ᠳᠤᠯᠠᠭᠠᠨ ᠢ | ᠪᠠᠲᠤᠯᠠᠵᠤ᠂ ᠬᠤᠣᠷᠲᠤ ᠬᠤᠷᠣᠬᠠᠢ ᠶᠢ ᠬᠥᠯᠳᠡᠭᠡᠵᠦ ᠠᠯᠠᠬᠤ ᠪᠤᠶᠤ ᠬᠤᠣᠷᠲᠤ ᠬᠤᠷᠣᠬᠠᠢ ᠶᠢᠨ ᠠᠵᠢᠯᠯᠠᠭ᠎ᠠ ᠶᠢ | ᠬᠤᠷᠢᠭᠯᠠᠨ᠎ᠠ᠃ | | |