ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ | ᠪᠠᠶᠢᠭᠤᠯᠤᠮᠵᠢ ᠶᠢᠨ ᠲᠣᠶᠢᠮᠣ ᠪᠠᠶᠢᠳᠠᠯ | ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯ | ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ | ᠰᠠᠯᠠᠭ᠎ᠠ ᠮᠥᠴᠢᠷ ᠪᠣᠯᠣᠨ᠎ᠠ ᠂ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠫᠠᠶᠢᠰᠠ ᠶᠢ ᠡᠯᠭᠦᠵᠦ ᠂ ᠵᠢᠩᠬᠢᠨᠢ ᠰᠠᠯᠠᠭ᠎ᠠ ᠶᠢᠨ ᠲᠡᠰ ᠤᠨ ᠨᠢᠭᠡᠴᠢ ᠪᠣᠯᠣᠨ᠎ᠠ ᠃ | ᠬᠠᠷᠢᠭᠤᠴᠠᠯᠭᠠᠲᠠᠨ ᠄ ᠦ᠋ ᠵᠦᠩ ᠯᠢᠨ | ᠨᠢᠭᠡᠴᠢ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠠ ᠾᠧ ᠵᠡᠭᠡᠯᠢ ᠶᠢᠨ ᠳᠤᠮᠳᠠ ᠬᠡᠰᠡᠭ᠃ | ᠬᠠᠷᠢᠯᠴᠠᠬᠤ ᠤᠲᠠᠰᠤ᠄ 0476-3510464᠃ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︔ | ᠦᠳᠡ ᠶᠢᠨ ᠡᠮᠦᠨ᠎ᠡ 8᠄ 30 ︱ 12᠄ 00︔ᠦᠳᠡ ᠶᠢᠨ ᠬᠤᠶᠢᠨ᠎ᠠ 14᠄ 30 ︱ 17᠄ 00 | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵1︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠨᠠᠮ ᠤᠨ | ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠰᠤᠳᠤᠯᠵᠤ ᠲᠤᠭᠤᠷᠪᠢᠨ ᠲᠣᠭᠲᠠᠭᠠᠵᠤ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠲᠥᠯᠦᠪᠵᠢᠭᠦᠯᠭᠡ᠂ ᠥᠭᠡᠷᠡᠴᠢᠯᠡᠯᠲᠡ ᠶᠢᠨ ᠲᠥᠰᠥᠯ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ ᠃ | ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ | ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠤᠭᠤᠳᠴᠤ᠂ ᠰᠤᠷᠭᠠᠨ | ᠬᠥᠮᠦᠵᠢᠯ ᠤᠨ ᠠᠵᠢᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵2︶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠯᠪᠠᠨ | ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ | ᠬᠥᠮᠦᠵᠢᠯ ᠤᠨ ᠠᠵᠢᠯ ᠢ ᠬᠠᠷᠢᠭᠤᠴᠠᠨ ᠵᠢᠯᠤᠭᠤᠳᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ᠃ | ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠪᠠ ᠦᠨᠡᠯᠡᠨ ᠵᠢᠱᠢᠬᠦ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢ ᠵᠢᠯᠣᠭᠤᠳᠤᠨ᠎ᠠ ᠃ | ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ | ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠤᠨ᠎ᠠ ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠶᠤᠯᠭᠦᠢ ᠶᠢᠨ | ᠬᠠᠮᠢᠶᠠᠷᠤᠯᠲᠠ ᠶᠢ ᠵᠢᠯᠣᠭᠤᠳᠤᠨ᠎ᠠ ᠃ | ︵ 3 ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ ᠃ ᠪᠥᠬᠦ ᠲᠣᠭᠤᠷᠢᠭ ᠤᠨᠲ᠋ᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠨᠠᠰᠤᠨ ᠳᠤ ᠬᠥᠷᠥᠭᠰᠡᠳ ᠤᠨᠰᠤᠷᠭᠠᠨ ᠬᠥᠮᠦᠵᠢᠯ | ᠤᠨ ᠬᠥᠭᠵᠢᠯᠲᠡ ᠶᠢᠨ ᠲᠥᠯᠦᠪᠵᠢᠭᠦᠯᠭᠡ ᠬᠢᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠣᠯᠣᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠤᠰᠬᠠᠢ | ᠮᠡᠷᠭᠡᠵᠢᠯ ᠤᠨ ᠪᠠᠶᠢᠭᠤᠯᠤᠯᠲᠠ ᠂ ᠬᠢᠴᠢᠶᠡᠯ ᠤᠨ ᠪᠠᠶᠢᠭᠤᠯᠤᠯᠲᠠ ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ | ᠵᠢᠯᠣᠭᠤᠳᠤᠨ᠎ᠠ ᠃ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ | ᠲᠠᠷᠢᠶᠠᠴᠢᠨ ᠤ ᠰᠤᠷᠭᠠᠨ ᠬᠥᠮᠦᠵᠢᠯ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ | ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠠᠵᠢᠯ ᠳᠤ ᠣᠷᠣᠯᠴᠠᠵᠤ ᠵᠢᠭᠠᠨ ᠵᠢᠯᠣᠭᠤᠳᠤᠨ᠎ᠠ᠃ | ︵ 4 ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ ᠃ ᠪᠦᠬᠦ | ᠲᠣᠭᠤᠷᠢᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ ᠃ ᠦᠨᠳᠦᠰᠦᠲᠡᠨ ᠤ ᠰᠤᠷᠭᠠᠭᠤᠯᠢ ᠶᠢᠨ ᠬᠠᠮᠢᠶᠠᠷᠤᠯᠲᠠ ᠪᠠ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠵᠢᠯᠣᠭᠤᠳᠤᠨ᠎ᠠ ᠃ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ | ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ | ᠵᠢᠯᠣᠭᠤᠳᠤᠨ ᠵᠢᠯᠣᠭᠤᠳᠤᠨ᠎ᠠ ᠃ | ︵5︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠪᠠ | ᠦᠨᠡᠯᠡᠨ ᠵᠢᠱᠢᠵᠦ ᠵᠢᠯᠤᠭᠤᠳᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ | ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠬᠢᠨᠠᠨ ᠰᠢᠯᠭᠠᠨ᠎ᠠ ᠃ | ︵ 6 ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ | ᠬᠠᠮᠢᠶᠠᠷᠬᠤ ᠶᠢ ᠬᠠᠷᠢᠭᠤᠴᠠᠨ᠎ᠠ ᠃ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ ᠂ ᠰᠤᠷᠭᠠᠨ ᠬᠥᠮᠦᠵᠢᠯ ᠳᠤ | ᠵᠣᠭᠤᠰ ᠰᠠᠯᠭᠠᠨ ᠥᠭᠬᠦ ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ ᠃ | ᠰᠤᠷᠭᠠᠨ ᠬᠥᠮᠦᠵᠢᠯ ᠤᠨ ᠵᠦᠢᠯᠡᠰ ᠤᠨ ᠲᠥᠯᠦᠪᠵᠢᠭᠦᠯᠭᠡ ᠪᠠ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ | ᠬᠠᠷᠢᠭᠤᠴᠠᠨ᠎ᠠ᠃ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ | ᠬᠢᠨᠠᠯᠲᠠ ᠲᠠᠯᠪᠢᠬᠤ ᠪᠠ ᠬᠠᠮᠢᠶᠠᠷᠤᠯᠲᠠ ᠶᠠᠪᠤᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ | ᠰᠣᠷᠣᠭᠴᠢ ᠶᠢ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ 7 ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠂ ᠦᠵᠡᠯ ᠰᠠᠨᠠᠭ᠎ᠠ | ᠤᠯᠤᠰ ᠲᠦᠷᠦ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ ᠃ ᠰᠤᠷᠭᠠᠨ | ᠬᠥᠮᠦᠵᠢᠯ ᠤᠨ ᠰᠢᠰᠲ᠋ᠧᠮ ᠤᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ | ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ | ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ | ᠵᠢᠯᠣᠭᠤᠳᠤᠨ᠎ᠠ᠃ | ︵ 8 ︶ ᠪᠦᠬᠦ ᠲᠣᠭᠤᠷᠢᠭ ᠤᠨ ᠪᠠᠭᠰᠢ ᠶᠢᠨ ᠠᠵᠢᠯ ᠢ ᠭᠤᠣᠯᠯᠠᠨ ᠬᠠᠮᠢᠶᠠᠷᠤᠨ᠎ᠠ ᠃ ᠪᠦᠬᠦ ᠲᠣᠭᠤᠷᠢᠭ ᠤᠨ | ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ ᠃ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠪᠣᠯᠣᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠭᠰᠢ ᠶᠢ ᠤᠷᠢᠨ ᠬᠡᠷᠡᠭᠯᠡᠬᠦ᠂ | ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠠᠮᠢᠶᠠᠷᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ | ᠪᠠᠭᠰᠢ ᠶᠢᠨ ᠪᠣᠯᠪᠠᠰᠤᠷᠠᠭᠤᠯᠤᠯ᠂ ᠪᠠᠭᠰᠢ ᠶᠢᠨ ᠬᠦᠰᠦᠨᠦᠭᠲᠦ ᠶᠢᠨ ᠱᠠᠩᠨᠠᠯ᠂ ᠪᠠᠭᠰᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵9︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠬᠠᠮᠢᠶᠠᠷᠴᠤ ᠵᠢᠯᠣᠭᠤᠳᠤᠨ᠎ᠠ᠃ | ︵10︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ | ᠨᠢᠭᠡᠳᠦᠯᠲᠡᠢ ᠲᠥᠯᠥᠪᠯᠡᠨ ᠵᠢᠯᠤᠭᠤᠳᠴᠤ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ | ︵11︶ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠢᠴᠢ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠪᠠ ᠥᠭᠡᠷᠡᠴᠢᠯᠡᠯᠲᠡ ᠶᠢᠨ ᠠᠵᠢᠯ ᠢ ᠵᠢᠭᠠᠨ ᠵᠢᠯᠣᠭᠤᠳᠤᠨ᠎ᠠ᠃ | ︵12︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠲᠠᠢ ᠬᠠᠮᠲᠤᠷᠠᠯᠴᠠᠬᠤ ᠪᠠ | ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ 13 ︶ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠂ ᠲᠦᠷᠦ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠦᠬᠦ ᠲᠣᠭᠤᠷᠢᠭ ᠤᠨ ᠬᠢᠲᠠᠳ ᠦᠭᠡ ᠬᠡᠯᠡ ᠦᠰᠦᠭ ᠪᠢᠴᠢᠭ ᠤᠨ | ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠬᠢᠲᠠᠳ ᠦᠭᠡ | ᠬᠡᠯᠡ ᠦᠰᠦᠭ ᠪᠢᠴᠢᠭ ᠤᠨ ᠠᠵᠢᠯ ᠤᠨ ᠳᠦᠷᠢᠮᠵᠢᠭᠰᠡᠨ ᠪᠠᠶᠢᠭᠤᠯᠤᠯᠲᠠ ᠶᠢ ᠬᠢᠨᠠᠨ ᠪᠠᠶᠢᠴᠠᠭᠠᠵᠤ ᠂ ᠨᠡᠶᠢᠲᠡᠯᠢᠭ ᠬᠡᠯᠡ | ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ ᠃ | ︵ 14 ︶ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ | ︵ 15 ︶ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ | ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ ᠃ | ᠬᠤᠶᠠᠷ ᠂ ᠳᠣᠲᠣᠭᠠᠳᠤ ᠪᠠᠶᠢᠭᠤᠯᠤᠮᠵᠢ | ᠳᠡᠭᠡᠷᠡᠬᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠳᠤ 5 ᠳᠣᠲᠣᠭᠠᠳᠤ ᠪᠠᠶᠢᠭᠤᠯᠤᠮᠵᠢ ᠲᠠᠢ᠄ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ | ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠦᠷᠢᠯᠡᠬᠦ᠂ | ᠬᠤᠷᠠᠯ ᠵᠣᠬᠢᠶᠠᠨ ᠪᠠᠶᠢᠭᠤᠯᠬᠤ᠂ ᠮᠡᠳᠡᠭᠡ ᠵᠠᠩᠭᠢ ᠤᠬᠠᠭᠤᠯᠬᠤ᠂ ᠪᠢᠴᠢᠭ ᠬᠠᠷ᠎ᠠ ᠲᠠᠩᠰᠠ ᠡᠪᠬᠡᠮᠡᠯ ᠤᠨ | ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠰᠤᠷᠭᠠᠨ ᠬᠥᠮᠦᠵᠢᠯ ᠤᠨ ᠰᠢᠰᠲ᠋ᠧᠮ ᠤᠨ ᠬᠠᠤᠯᠢ ᠳᠦᠷᠢᠮ ᠤᠨ | ᠪᠠᠶᠢᠭᠤᠯᠤᠯᠲᠠ ᠶᠢ ᠵᠢᠯᠤᠭᠤᠳᠴᠤ᠂ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠰᠤᠳᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠰᠤᠷᠭᠠᠨ | ᠬᠥᠮᠦᠵᠢᠯ ᠤᠨ ᠵᠠᠬᠢᠳᠠᠯ ᠰᠣᠷᠪᠤᠯᠵᠢᠯᠠᠭ᠎ᠠ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠶᠢ ᠵᠢᠭᠠᠨ ᠵᠢᠯᠣᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ | ᠰᠠᠯᠤᠭᠰᠠᠨ ᠪᠠ ᠠᠵᠢᠯ ᠠᠴᠠ ᠪᠠᠨ ᠠᠮᠠᠷᠠᠭᠰᠠᠨ ᠬᠦᠮᠦᠰ ᠤᠨ ᠠᠵᠢᠯ ᠢ ᠬᠠᠷᠢᠭᠤᠴᠠᠨ᠎ᠠ᠃ | ᠬᠠᠷᠢᠭᠤᠴᠠᠯᠭᠠᠲᠠᠨ ᠄ ᠮᠧᠩ ᠰᠢᠶᠠᠩ ᠰᠢᠨ | ᠴᠠᠬᠢᠯᠭᠠᠨ ᠮᠡᠳᠡᠭᠡ᠄ 3510464 | ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ 416 ᠲᠠᠰᠤᠭ | ( ᠬᠤᠶᠠᠷ ) ᠠᠵᠢᠯᠲᠠᠨ ᠤ ᠶᠠᠪᠤᠳᠠᠯ ᠤᠨ ᠲᠠᠰᠤᠭ | ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠪᠣᠯᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ | ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠤ | ᠶᠣᠰᠣᠭᠠᠷ ᠂ ᠪᠦᠬᠦ ᠲᠣᠭᠤᠷᠢᠭ ᠤᠨ ᠰᠤᠷᠭᠠᠭᠤᠯᠢ ᠶᠢᠨ ᠺᠠᠳ᠋ᠷ ᠢ ᠰᠢᠯᠢᠨ ᠳᠡᠪᠰᠢᠭᠦᠯᠬᠦ ᠂ ᠬᠥᠮᠥᠵᠢᠭᠦᠯᠬᠦ ᠂ ᠬᠢᠨᠠᠨ | ᠰᠢᠯᠭᠠᠬᠤ ᠂ ᠲᠣᠮᠢᠯᠠᠬᠤ ᠪᠠᠭᠤᠯᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ ᠃ ᠪᠥᠬᠦ ᠲᠣᠭᠤᠷᠢᠭ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠢ ᠬᠢᠨᠠᠨ ᠬᠠᠷᠭᠤᠭᠤᠯᠬᠤ᠂ ᠠᠵᠢᠯ | ᠰᠢᠯᠵᠢᠭᠦᠯᠬᠦ᠂ ᠰᠢᠨ᠎ᠡ ᠪᠠᠭᠰᠢ ᠶᠢ ᠰᠢᠯᠭᠠᠨ ᠡᠯᠰᠡᠬᠦ᠂ ᠰᠤᠷᠭᠠᠨ ᠬᠥᠮᠦᠵᠢᠯ ᠤᠨ ᠠᠵᠢᠯᠲᠠᠨ ᠤ ᠶᠠᠪᠤᠳᠠᠯ ᠤᠨ | ᠪᠦᠷᠢᠳᠬᠡᠯ᠂ ᠺᠠᠳ᠋ᠷ ᠤᠨ ᠲᠠᠩᠰᠠ ᠡᠪᠬᠡᠮᠡᠯ ᠪᠠ ᠪᠠᠭᠰᠢ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠂ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ | ᠥᠨᠡᠯᠡᠬᠦ ᠠᠵᠢᠯ ᠢ ᠬᠠᠷᠢᠭᠤᠴᠠᠨ᠎ᠠ ᠃ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠢ ᠶᠢᠨ ᠠᠵᠢᠯᠲᠠᠨ ᠤ | ᠦᠷᠭᠦᠯᠵᠢᠯᠡᠭᠰᠡᠨ ᠰᠤᠷᠭᠠᠨ ᠬᠥᠮᠦᠵᠢᠯ ᠪᠠ ᠲᠤᠰᠬᠠᠢ ᠮᠡᠷᠭᠡᠵᠢᠯ ᠤᠨ ᠠᠵᠢᠯᠲᠠᠨ ᠤ ᠲᠤᠰᠢᠶᠠᠯ ᠢ ᠲᠣᠭᠲᠠᠭᠠᠬᠤ | ᠤᠷᠢᠬᠤ ᠵᠢᠴᠢ ᠮᠡᠷᠭᠡᠵᠢᠯ ᠤᠨ ᠠᠵᠢᠯᠴᠢᠨ ᠤ ᠠᠵᠢᠯ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ᠂ ᠰᠢᠯᠭᠠᠨ | ᠦᠨᠡᠯᠡᠬᠦ ᠪᠠᠷ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ | ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠢ ᠬᠥᠬᠢᠭᠦᠯᠦᠨ ᠱᠠᠩᠨᠠᠬᠤ ᠪᠠ ᠵᠢᠭᠠᠨ | ᠰᠤᠷᠭᠠᠬᠤ ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ᠂ ᠭᠤᠣᠯᠯᠠᠭᠴᠢ ᠪᠠᠭᠰᠢ᠂ ᠣᠨᠴᠠ ᠲᠠᠰ ᠤᠨ | ᠪᠠᠭᠰᠢ ᠶᠢ ᠦᠨᠡᠯᠡᠨ ᠲᠣᠭᠲᠠᠭᠠᠵᠤ ᠲᠠᠨᠢᠯᠴᠠᠭᠤᠯᠬᠤ ᠠᠵᠢᠯ ᠢ ᠬᠠᠷᠢᠭᠤᠴᠠᠨ᠎ᠠ ᠃ ᠪᠥᠬᠦ ᠲᠣᠭᠤᠷᠢᠭ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ᠂ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠪᠣᠯᠪᠠᠰᠤᠷᠠᠭᠤᠯᠤᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ | ᠲᠣᠭᠲᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠵᠢᠴᠢ ᠵᠠᠩᠭᠢᠯᠠᠭ᠎ᠠ ᠶᠢᠨ ᠺᠠᠳ᠋ᠷ ᠤᠨ ᠪᠣᠯᠪᠠᠰᠤᠷᠠᠭᠤᠯᠤᠯ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ | ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠂ ᠰᠤᠷᠭᠠᠨ ᠬᠥᠮᠦᠵᠢᠯ ᠤᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ᠂ ᠭᠤᠣᠯᠯᠠᠭᠴᠢ ᠪᠠᠭᠰᠢ ᠶᠢᠨ ᠪᠣᠯᠪᠠᠰᠤᠷᠠᠭᠤᠯᠤᠯ᠂ ᠰᠢᠨᠵᠢᠯᠡᠭᠡᠨ ᠤ ᠰᠠᠯᠠᠭ᠎ᠠ ᠶᠢᠨ | ᠳᠠᠭᠠᠭᠤᠯᠤᠭᠴᠢ ᠶᠢᠨ ᠪᠣᠯᠪᠠᠰᠤᠷᠠᠭᠤᠯᠤᠯ ᠪᠠ ᠰᠢᠨ᠎ᠡ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ | ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢ ᠦᠷᠭᠦᠯᠵᠢᠯᠡᠨ ᠰᠤᠷᠭᠠᠨ ᠬᠥᠮᠥᠵᠢᠭᠦᠯᠬᠦ ᠠᠵᠢᠯ ᠢ ᠬᠠᠷᠢᠭᠤᠴᠠᠨ᠎ᠠ ᠃ ᠪᠥᠬᠦ | ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠰᠢᠯᠭᠠᠨ ᠬᠢᠨᠠᠬᠤ ᠠᠵᠢᠯ ᠵᠢᠴᠢ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠵᠢᠯᠤᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠶᠢ | ᠬᠠᠷᠢᠭᠤᠴᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ︵ᠱᠦᠵᠢ︶ ᠤᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠴᠢ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠬᠠᠷᠢᠭᠤᠴᠠᠨ᠎ᠠ᠃ ᠪᠠᠭᠰᠢ ᠶᠢᠨ ᠶᠣᠰᠣ ᠮᠣᠷᠠᠯ ᠤᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ᠬᠠᠷᠢᠭᠤᠴᠠᠯᠭᠠᠲᠠᠨ᠄ ᠯᠢ ᠯᠢ | ᠴᠠᠬᠢᠯᠭᠠᠨ ᠮᠡᠳᠡᠭᠡ᠄ 3510421 | ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ 303 ᠲᠠᠰᠤᠭ | ︵ ᠭᠤᠷᠪᠠ ︶ ᠲᠥᠯᠥᠪᠯᠡᠭᠡ ᠡᠳ᠋ ᠤᠨ ᠶᠠᠪᠤᠳᠠᠯ ᠤᠨ ᠲᠠᠰᠤᠭ | ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠥᠯᠦᠪᠵᠢᠭᠦᠯᠭᠡ ᠂ ᠲᠥᠯᠥᠪᠯᠡᠭᠡ ᠪᠣᠯᠣᠨ | ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠲᠤᠰᠬᠠᠢ ᠵᠦᠢᠯ | ᠤᠨ ᠵᠠᠷᠤᠳᠠᠯ ᠪᠣᠯᠣᠨ ᠪᠤᠰᠤᠳ ᠰᠤᠷᠭᠠᠨ ᠬᠥᠮᠦᠵᠢᠯ ᠤᠨ ᠵᠠᠷᠤᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ ᠃ ᠪᠦᠬᠦ ᠲᠣᠭᠤᠷᠢᠭ ᠤᠨ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠵᠤ ᠂ ᠪᠠᠲᠤᠯᠠᠭ᠎ᠠ ᠶᠢᠨ | ᠲᠣᠭᠲᠠᠴᠠ ᠶᠢ ᠬᠠᠮᠢᠶᠠᠷᠬᠤ ᠂ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠡᠷᠡᠭᠵᠢᠭᠦᠯᠦᠨ᠎ᠡ ᠃ ᠪᠥᠬᠦ ᠲᠣᠭᠤᠷᠢᠭ ᠤᠨ | ᠰᠤᠷᠭᠠᠨ ᠬᠥᠮᠦᠵᠢᠯ ᠤᠨ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ | ᠲᠣᠭᠤᠷᠢᠭ ᠤᠨ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠪᠠ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ | ᠂ ᠪᠠᠶᠢᠴᠠᠭᠠᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠲᠣᠪᠴᠢᠶᠠᠨ ᠤ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢᠨ | ᠬᠠᠮᠢᠶᠠᠷᠤᠯᠲᠠ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠣᠨ | ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠵᠡᠷᠭᠡ ᠶᠢᠨ ᠲᠥᠯᠥᠪᠯᠡᠭᠡ ᠪᠣᠯᠣᠨ ᠲᠥᠰᠥᠪ ᠤᠨ ᠭᠦᠢᠴᠡᠳᠬᠡᠯ ᠢ | ᠬᠠᠷᠢᠭᠤᠴᠠᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ | ᠵᠠᠷᠤᠳᠠᠯ ᠤᠨ ︽ᠭᠤᠷᠪᠠ ᠶᠢ ᠨᠡᠮᠡᠭᠳᠡᠭᠦᠯᠬᠦ︾ ᠪᠠ ᠪᠠᠭᠰᠢ ᠶᠢᠨ ᠴᠠᠯᠢᠩ ᠣᠯᠭᠤᠭᠰᠠᠨ ᠪᠠᠶᠢᠳᠠᠯ ᠢ ᠬᠢᠨᠠᠨ | ᠰᠢᠯᠭᠠᠬᠤ ᠶᠢ ᠬᠠᠷᠢᠭᠤᠴᠠᠨ᠎ᠠ᠃ | ᠬᠠᠷᠢᠭᠤᠴᠠᠯᠭᠠᠲᠠᠨ ᠄ ᠵᠠᠩ ᠬᠤᠸᠠ | ᠴᠠᠬᠢᠯᠭᠠᠨ ᠮᠡᠳᠡᠭᠡ᠄ 3510392 | ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 411 ᠲᠠᠰᠤᠭ | ︵ ᠳᠥᠷᠪᠡ ︶ ᠰᠠᠭᠤᠷᠢ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠰᠤᠭ | ᠪᠥᠬᠦ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ︵ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠪᠠᠭ᠎ᠠ ᠰᠤᠷᠭᠠᠭᠤᠯᠢ ᠂ ᠣᠨᠴᠠᠭᠠᠢ ᠰᠤᠷᠭᠠᠨ ᠬᠥᠮᠦᠵᠢᠯ ᠂ | ᠬᠡᠦᠬᠡᠳ ᠤᠨ ᠰᠤᠷᠭᠠᠨ ᠬᠥᠮᠦᠵᠢᠯ ︶ ᠂ ᠦᠨᠳᠦᠰᠦᠲᠡᠨ ᠤ ᠰᠤᠷᠭᠠᠨ ᠬᠥᠮᠦᠵᠢᠯ ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠂ ᠨᠠᠰᠤᠨ ᠳᠤ ᠬᠥᠷᠥᠭᠰᠡᠳ ᠤᠨ ᠰᠤᠷᠭᠠᠨ ᠬᠥᠮᠦᠵᠢᠯ ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ | ᠤᠨ ᠠᠵᠢᠯ ᠢ ᠬᠠᠷᠢᠭᠤᠴᠠᠨ ᠬᠠᠮᠢᠶᠠᠷᠴᠤ ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯᠣᠨ ᠬᠡᠪ | ᠴᠢᠨᠠᠷ ᠤᠨ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠠᠵᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ ᠃ ᠪᠦᠬᠦ | ᠲᠣᠭᠤᠷᠢᠭ ᠤᠨ ᠵᠠᠯᠠᠭᠤᠴᠤᠳ ᠢᠳᠡᠷᠴᠦᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠠᠵᠢᠯ ᠢ | ᠬᠠᠷᠢᠭᠤᠴᠠᠨ᠎ᠠ ᠃ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠵᠢᠴᠢ ᠶᠣᠰᠣ ᠰᠤᠷᠲᠠᠬᠤᠨ ᠤ ᠬᠥᠮᠦᠵᠢᠯ᠂ | ᠰᠡᠳᠬᠢᠴᠡ ᠶᠢᠨ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ | ᠬᠡᠷᠡᠭᠵᠢᠭᠦᠯᠵᠦ᠂ ᠪᠥᠬᠦ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ | ᠬᠡᠷᠡᠭᠵᠢᠭᠦᠯᠬᠦ ᠠᠷᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ | ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ ᠃ ᠪᠥᠬᠦ ᠲᠣᠭᠤᠷᠢᠭ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠰᠣᠷᠣᠭᠴᠢ ᠡᠯᠰᠡᠬᠦ ᠲᠥᠯᠥᠪᠯᠡᠭᠡ ᠲᠣᠭᠲᠠᠭᠠᠬᠤ ᠪᠠ ᠰᠣᠷᠣᠭᠴᠢ ᠡᠯᠰᠡᠬᠦ ᠠᠵᠢᠯ ᠢ ᠬᠠᠷᠢᠭᠤᠴᠠᠵᠤ᠂ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠳᠤ ᠣᠷᠣᠬᠤ ᠪᠠ ᠲᠡᠭᠦᠰᠬᠦ ᠬᠢᠷᠢ ᠬᠡᠮ ᠢ ᠬᠢᠨᠠᠨ | ᠲᠣᠭᠲᠠᠭᠠᠬᠤ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠬᠤ | ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠬᠤ ᠵᠢᠴᠢ | ᠦᠨᠡᠯᠡᠨ ᠵᠢᠱᠢᠵᠦ ᠵᠢᠯᠤᠭᠤᠳᠬᠤ ᠠᠵᠢᠯ ᠢ ᠬᠠᠷᠢᠭᠤᠴᠠᠨ᠎ᠠ ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠬᠤ ᠶᠢᠨ ᠬᠠᠪᠰᠤᠷᠤᠮᠵᠢ | ᠪᠣᠯᠬᠤ ᠨᠣᠮ ᠤᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ ᠃ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠢ ᠵᠢᠭᠠᠨ ᠵᠢᠯᠣᠭᠤᠳᠤᠨ᠎ᠠ᠃ ᠬᠡᠦᠬᠡᠳ ᠤᠨ ᠰᠤᠷᠭᠠᠨ ᠬᠥᠮᠦᠵᠢᠯ ᠤᠨ ᠳᠦᠷᠢᠮ ᠪᠣᠯᠣᠨ | ᠬᠡᠦᠬᠡᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠥᠯᠦᠪᠵᠢᠭᠦᠯᠭᠡ ᠶᠢ | ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠬᠡᠦᠬᠡᠳ ᠤᠨ ᠴᠡᠴᠡᠷᠯᠢᠭ ᠤᠨ | ᠲᠤᠬᠠᠶᠢᠯᠠᠭᠰᠠᠨ ᠠᠵᠢᠯ ᠤᠨ ᠤᠳᠤᠷᠢᠳᠤᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠨ᠂ | ᠲᠥᠷᠥᠯ ᠬᠤᠪᠢᠶᠠᠨ ᠲᠠᠰ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠢ ᠰᠠᠨᠠᠯ ᠢᠶᠠᠨ | ᠳᠤᠷᠠᠳᠤᠨ᠎ᠠ᠃ ᠨᠢᠯᠬ᠎ᠠ ᠬᠡᠦᠬᠡᠳ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ ᠃ ᠡᠯ᠎ᠡ ᠲᠥᠷᠥᠯ ᠤᠨ ᠬᠡᠦᠬᠡᠳ ᠤᠨ | ᠴᠡᠴᠡᠷᠯᠢᠭ ᠤᠨ ᠳᠠᠷᠤᠭ᠎ᠠ᠂ ᠪᠠᠭᠰᠢ ᠶᠢ ᠬᠥᠮᠥᠵᠢᠭᠦᠯᠦᠨ ᠪᠣᠯᠪᠠᠰᠤᠷᠠᠭᠤᠯᠵᠤ᠂ ᠴᠡᠴᠡᠷᠯᠢᠭ ᠤᠨ ᠳᠠᠷᠤᠭ᠎ᠠ᠂ ᠪᠠᠭᠰᠢ ᠶᠢ | ᠬᠢᠨᠠᠨ ᠰᠢᠯᠭᠠᠬᠤ ᠪᠠ ᠬᠢᠷᠢ ᠬᠡᠮ ᠢ ᠬᠢᠨᠠᠨ ᠲᠣᠭᠲᠠᠭᠠᠬᠤ ᠳᠦᠷᠢᠮ ᠢ ᠪᠠᠶᠢᠭᠤᠯᠤᠨ᠎ᠠ᠃ ᠭᠡᠷ ᠪᠦᠯᠢ ᠶᠢᠨ ᠬᠡᠦᠬᠡᠳ ᠤᠨ | ᠰᠤᠷᠭᠠᠨ ᠬᠥᠮᠦᠵᠢᠯ ᠢ ᠪᠣᠳᠠᠲᠠᠢ ᠪᠠᠷ ᠵᠢᠯᠤᠭᠤᠳᠬᠤ ᠪᠠ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ᠂ 0 ︱ 6 ᠨᠠᠰᠤᠨ ᠤ ᠬᠡᠦᠬᠡᠳ ᠤᠨ ᠭᠡᠷ ᠤᠨ ᠠᠬᠠᠮᠠᠳ ᠤᠨ | ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠵᠢᠯᠣᠭᠤᠳᠤᠯᠭ᠎ᠠ ᠶᠢ ᠬᠠᠮᠲᠤᠪᠠᠷ ᠥᠷᠨᠢᠭᠦᠯᠦᠨ᠎ᠡ᠃ ᠪᠥᠬᠦ | ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ | ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠵᠢᠭᠠᠨ ᠰᠤᠷᠭᠠᠬᠤ ᠰᠤᠳᠤᠯᠬᠤ᠂ ᠳᠠᠳᠤᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠵᠤ᠂ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠣᠷᠣᠭᠴᠢ ᠡᠯᠰᠡᠬᠦ ᠵᠠᠷ ᠤᠨ ᠬᠢᠨᠠᠨ ᠵᠥᠪᠰᠢᠶᠡᠷᠡᠵᠦ | ᠳᠠᠩᠰᠠᠯᠠᠬᠤ ᠶᠢ ᠬᠠᠷᠢᠭᠤᠴᠠᠨ᠎ᠠ | ᠬᠠᠷᠢᠭᠤᠴᠠᠯᠭᠠᠲᠠᠨ ᠄ ᠸᠠᠩ ᠵᠢᠶᠠᠨ ᠰᠢᠨ | ᠴᠠᠬᠢᠯᠭᠠᠨ ᠮᠡᠳᠡᠭᠡ᠄ 3516171 | ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 305 ᠲᠠᠰᠤᠭ | ︵ ᠲᠠᠪᠤ ︶ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠰᠤᠷᠭᠠᠨ ᠬᠥᠮᠦᠵᠢᠯ ᠤᠨ ᠲᠠᠰᠤᠭ | ᠪᠥᠬᠦ ᠲᠣᠭᠤᠷᠢᠭ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠪᠣᠯᠣᠨ ᠤᠷᠠᠯᠢᠭ ᠤᠨ | ᠬᠥᠮᠦᠵᠢᠯ ᠤᠨ ᠠᠵᠢᠯ ᠢ ᠵᠢᠯᠤᠭᠤᠳᠴᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ | ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠦᠷᠦᠯ ᠤᠨ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ | ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠭᠰᠢ ᠶᠢᠨ ᠪᠣᠯᠪᠠᠰᠤᠷᠠᠭᠤᠯᠤᠯ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠵᠢᠭᠠᠬᠤ ᠮᠠᠲ᠋ᠧᠷᠢᠶᠠᠯ ᠬᠢᠭᠡᠳ ᠬᠢᠴᠢᠶᠡᠯ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠳᠤ | ᠣᠷᠣᠯᠴᠠᠨ᠎ᠠ ᠃ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ | ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠵᠣᠬᠢᠴᠠᠭᠤᠯᠤᠨᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠪᠠ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ᠃ | ᠰᠤᠷᠭᠠᠭᠤᠯᠢ ᠶᠢᠨ ᠪᠡᠶ᠎ᠡ ᠶᠢᠨ ᠲᠠᠮᠢᠷ ᠂ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢᠨ | ᠠᠵᠢᠯ ᠢ ᠵᠢᠯᠣᠭᠤᠳᠤᠨ᠎ᠠ ᠃ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠂ ᠪᠠᠶᠢᠭᠤᠯᠭ᠎ᠠ ᠪᠠ ᠬᠠᠷᠢᠶ᠎ᠠ | ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠂ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ | ᠬᠠᠷᠢᠭᠤᠴᠠᠨ᠎ᠠ ᠃ | ᠬᠠᠷᠢᠭᠤᠴᠠᠯᠭᠠᠲᠠᠨ ᠄ ᠵᠠᠩ ᡁᠢ | ᠴᠠᠬᠢᠯᠭᠠᠨ ᠮᠡᠳᠡᠭᠡ ᠄ 3518922 | ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 309 ᠲᠠᠰᠤᠭ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ | ᠪᠣᠯᠪᠠᠰᠤᠷᠠᠭᠤᠯᠤᠯ ᠤᠨ ᠰᠤᠳᠤᠯᠭᠠᠨ ᠤ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠲᠥᠪ ᠢ ᠡᠮᠬᠢᠯᠡᠨ ᠨᠡᠶᠢᠯᠡᠭᠦᠯᠵᠦ᠂ ᠤᠯᠠᠭᠠᠨᠬᠠᠳᠠ ᠬᠤᠲᠠ ᠶᠢᠨ ᠶᠤᠸᠠᠨ | ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠢ ᠪᠠᠶᠢᠭᠤᠯᠵᠤ᠂ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ | ᠫᠠᠶᠢᠰᠠ ᠶᠢ ᠡᠯᠭᠦᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠭᠠᠵᠤ᠂ ᠪᠠᠶᠢᠭᠤᠯᠤᠮᠵᠢ ᠶᠢᠨ ᠬᠡᠪ | ᠪᠠᠷᠢᠮᠵᠢᠶ᠎ᠠ ᠨᠢ ᠵᠢᠩᠬᠢᠨᠢ ᠰᠠᠯᠠᠭᠠᠨ ᠲᠠᠰ ᠲᠠᠢ ᠲᠡᠩᠴᠡᠨ᠎ᠡ᠃ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠰᠤᠷᠤᠭᠴᠢᠳ ᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠳᠣᠲᠣᠭᠠᠳᠤ ᠶᠢᠨ ᠬᠢᠨᠠᠨ ᠪᠤᠳᠤᠬᠤ ᠲᠥᠪ ᠢ ᠡᠮᠬᠢᠯᠡᠨ ᠨᠡᠶᠢᠯᠡᠭᠦᠯᠵᠦ᠂ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠲᠥᠪ ᠢ ᠪᠠᠶᠢᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶ᠎ᠠ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠭᠠᠵᠤ ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ | ᠰᠲ᠋ᠣᠺ ᠤᠨ ᠲᠠᠰ ᠪᠣᠯᠤᠨ᠎ᠠ ᠃ | ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠣᠶᠣᠯ ᠤᠨ | ᠲᠥᠪ ᠤᠨ ᠨᠡᠷ᠎ᠡ ᠶᠢ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ | ᠬᠥᠳᠡᠯᠭᠡᠭᠡᠨ ᠤ ᠲᠥᠪ ᠭᠡᠵᠦ ᠬᠠᠯᠠᠵᠤ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶᠠᠨ ᠳᠠᠬᠢ | ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠦᠷᠦᠯ ᠤᠨ ᠠᠵᠢᠯ ᠦᠢᠯᠡᠰ ᠤᠨ ᠨᠢᠭᠡᠴᠢ ᠪᠣᠯᠭᠠᠵᠤ᠂ | ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠡᠰ ᠪᠣᠯᠤᠨ᠎ᠠ᠃ | | |