12 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 114 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢ ᠭᠦᠸᠧ ᠵᠢᠶᠦ᠋ᠨ᠂ ᠯᠢᠦ ᠬᠠᠢ ᠶᠠᠩ᠂ ᠵᠦ | ᠬᠤᠩ ᠲᠦ᠋᠂ ᠯᠢ ᠰᠢᠨ ᠢᠦᠢ᠂ ᠸᠠᠩ ᠶᠠᠨ ᠪᠥᠸᠧ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠤ | ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠢ᠂ ᠸᠠᠩ ᠵᠧᠨ ᠯᠢᠶᠠᠩ᠂ ᠰᠢᠶᠧ ᠶᠦᠨ ᠰᠥᠩ | ᠂ ᠶᠢᠨ ᠮᠢᠩ᠂ ᠦ᠋ ᠰᠢᠤ ᠮᠢᠩ᠂ ᠹᠠᠨ ᠰᠢᠶᠤᠤ ᠴᠢᠦ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠵᠢᠴᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ᠂ 12 ᠰᠠᠷ᠎ᠠ ᠶᠢᠨ 19 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ᠯᠢ ᠰᠢ ᠶᠢᠨ | ᠲᠣᠰᠬᠤᠨ ᠤ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠯᠪᠣᠭᠳᠠᠯ | ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ᠂ ᠲᠤᠭᠤᠷᠢᠭ ᠤᠨ | ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ᠂ ︽ᠲᠠᠪᠤᠨ ᠶᠡᠭᠡ ᠡᠭᠦᠷᠭᠡ︾ ᠶᠢᠨ ᠠᠵᠢᠯ᠂ ︽ᠵᠢᠷᠭᠤᠭᠠᠨ | ᠢᠨᠵᠧᠨᠧᠷᠢᠩ︾ ᠤᠨ ᠠᠵᠢᠯ᠂ ᠠᠶᠤᠯᠭᠦᠢ ᠦᠢᠯᠡᠳᠪᠦᠷᠢᠯᠡᠯ ᠤᠨ ᠠᠵᠢᠯ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠠᠵᠢᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ᠂ | ᠦᠨᠳᠦᠰᠦᠲᠡᠨ ᠤ ᠠᠵᠢᠯ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ᠂ | ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠠᠵᠢᠯ᠂ ᠤᠯᠠᠨ | ᠲᠦᠮᠡᠨ ᠤ ᠪᠦᠯᠬᠦᠮ ᠤᠨ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ | ᠡᠰᠡᠷᠭᠦᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠳᠡᠭᠡᠳᠦ ᠱᠠᠲᠤᠨ ᠤ | ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠪᠦᠬᠦ ᠲᠤᠭᠤᠷᠢᠭ ᠤᠨ ᠡᠯ᠎ᠡ | ᠵᠦᠢᠯ ᠤᠨ ᠠᠵᠢᠯ ᠲᠠᠢ ᠤᠶᠠᠯᠳᠤᠭᠤᠯᠵᠤ᠂ ᠬᠦᠴᠦᠯᠡᠬᠦ ᠭᠤᠣᠯᠳᠠᠯᠭ᠎ᠠ ᠪᠣᠯᠤᠨ ᠠᠷᠭ᠎ᠠ ᠵᠠᠮ ᠢᠶᠠᠨ ᠣᠨᠣᠪᠴᠢᠲᠠᠢ | ᠣᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠭᠤᠤᠯᠳᠠᠯᠭ᠎ᠠ ᠲᠠᠢ | ᠪᠠᠶᠢᠷᠢᠯᠠᠭᠤᠯᠤᠯᠲᠠ ᠶᠢ ᠣᠨᠣᠪᠴᠢᠲᠠᠶ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠥᠳᠡᠭᠡ | ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ᠲᠦᠷᠦᠯ ᠵᠦᠢᠯ᠂ ᠶᠠᠰᠤ ᠴᠢᠨᠠᠷ᠂ ᠲᠦᠷᠦᠯ | ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠮᠥᠩᠭᠦᠨ ᠭᠦᠢᠯᠭᠡᠭᠡ᠂ | ᠠᠶᠤᠯᠭᠦᠢ ᠦᠢᠯᠡᠳᠪᠦᠷᠢᠯᠡᠯ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠤ | ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ | ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠥᠷᠨᠢᠭᠦᠯᠵᠦ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ | ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠵᠤ᠂ ᠠᠷᠠᠳ | ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ | ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠨᠢᠯᠬᠠᠰ ᠢ ᠠᠰᠠᠷᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ | ᠠᠮᠢᠳᠤᠷᠠᠯ ᠤᠨ ᠠᠰᠠᠭᠤᠳᠠᠯ ᠢ ᠯᠠᠪᠳᠠᠭᠤᠨ ᠪᠠᠲᠤᠲᠠᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ | ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠮᠠᠨ ᠤ | ᠲᠣᠭᠤᠷᠢᠭ ᠤᠨ ᠦᠨᠳᠦᠰᠦᠲᠡᠨ ᠤ ᠪᠦᠯᠬᠦᠮᠳᠡᠯ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠥᠢᠯᠡᠴᠢᠯᠡᠭᠰᠡᠨ᠂ | ᠤᠮᠠᠷᠠᠲᠤ ᠬᠢᠯᠢ ᠶᠢ ᠪᠦᠳᠦᠭᠡᠨ ᠪᠠᠶᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠰᠠᠶᠢᠲᠤᠷ ᠶᠠᠷᠢᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠠᠯᠲᠠ᠂ | ᠠᠰᠠᠭᠤᠳᠠᠯ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠠᠮᠤᠭᠤᠯᠠᠩ ᠤᠨ ᠪᠠᠶᠢᠭᠤᠯᠤᠯᠲᠠ | ᠂ ᠬᠠᠥᠯᠢ ᠪᠠᠷ ᠵᠠᠰᠠᠬᠤ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ | ᠪᠦᠲᠦᠮᠵᠢ ᠣᠯᠵᠤ᠂ ᠪᠦᠬᠦ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ | ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠣᠯᠵᠤ᠂ ᠠᠵᠢᠯ ᠤᠨ ᠭᠤᠣᠯᠳᠠᠯᠭ᠎ᠠ ᠪᠠᠨ ᠠᠳᠬᠤᠵᠤ᠂ ᠨᠡᠩ ᠤᠯᠠᠨ ᠡᠬᠢ ᠪᠠᠶᠠᠯᠢᠭ ᠪᠣᠯᠤᠨ ᠤᠶᠤᠨ | ᠴᠢᠳᠠᠯ ᠢᠶᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠷᠣᠭᠤᠯᠵᠤ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢ ᠦᠨᠡᠨ ᠬᠦ ᠨᠠᠮ ᠤᠨ ᠰᠠᠶᠢᠨ ᠬᠠᠪᠰᠤᠷᠤᠭᠴᠢ᠂ ᠤᠯᠠᠨ ᠲᠦᠮᠡᠨ ᠲᠠᠢ ᠬᠠᠷᠢᠯᠴᠠᠬᠤ ᠴᠢᠬᠤᠯᠠ | ᠬᠤᠯᠪᠣᠭᠠᠰᠤ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠲᠣᠭᠤᠷᠢᠭ ᠳᠠᠶᠠᠭᠠᠷ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠯᠪᠣᠭᠳᠠᠯ | ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ | ᠬᠡᠷᠡᠭ ᠢᠶᠠᠷ ᠲᠣᠯᠢ ᠪᠣᠯᠭᠠᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ᠂ | ᠲᠦᠷᠢᠮ ᠤᠨ ᠲᠠᠯ᠎ᠠ ᠠᠴᠠ ᠳᠤᠲᠠᠭᠳᠠᠯ ᠢᠶᠠᠨ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠬᠦ ᠶᠢ ᠴᠢᠬᠤᠯᠠᠴᠢᠯᠠᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠴᠢᠩᠭ᠎ᠠ ᠰᠤᠷᠲᠠᠯ ᠤᠨ | ᠪᠠᠲᠤᠯᠠᠭ᠎ᠠ ᠬᠠᠩᠭᠠᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠶᠢᠨ ᠤᠯᠤᠰ ᠲᠦᠷᠦ ᠶᠢᠨ ᠬᠦᠳᠦᠯᠦᠨ ᠳᠠᠭᠠᠭᠤᠯᠬᠤ ᠪᠠ ᠤᠯᠤᠰ ᠲᠦᠷᠦ ᠶᠢᠨ ᠪᠠᠲᠤᠯᠠᠭ᠎ᠠ ᠪᠣᠯᠬᠤ ᠶᠢ | ᠭᠦᠢᠴᠡᠳ ᠲᠠᠨᠢᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ | ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |