12 ᠰᠠᠷ᠎ᠠ ᠶᠢᠨ 24 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠸᠧᠨ ᠵᠢᠶᠦ᠋ᠨ ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠪᠠᠶᠢᠩᠭᠤ ᠶᠢᠨ | ᠬᠤᠷᠢᠶᠠᠨ ᠤ ᠭᠡᠰᠢᠭᠦᠨ ᠢᠶᠠᠷ ᠪᠦᠷᠢᠯᠳᠦᠭᠰᠡᠨ ᠪᠠᠶᠢᠴᠠᠭᠠᠨ ᠦᠵᠡᠬᠦ ᠳᠤᠭᠤᠶᠢᠯᠠᠩ ᠢ ᠳᠠᠭᠠᠭᠤᠯᠤᠨ ᠪᠥᠬᠦ | ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ ᠪᠠᠷ᠎ᠠ ᠪᠣᠯᠵᠣ ᠪᠠᠶᠢᠴᠠᠭᠠᠨ | ᠦᠵᠡᠪᠡ᠃ | | | | ᠪᠠᠶᠢᠴᠠᠭᠠᠨ ᠦᠵᠡᠬᠦ ᠳᠤᠭᠤᠶᠢᠯᠠᠩ ᠤᠷᠢᠳ ᠬᠤᠵᠢᠳ ᠤᠯᠠᠭᠠᠨᠬᠠᠳᠠ ᠶᠢᠨ ᠶᠢᠨ ᠰᠢᠤᠢ ᠡᠮ ᠤᠨ ᠦᠢᠯᠡᠰ ᠤᠨ | ᠬᠢᠵᠠᠭᠠᠷᠲᠤ ᠺᠣᠮᠫᠠᠨᠢ᠂ ᠯᠢ ᠠᠨ ᠯᠦᠩ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠮᠦ ᠹᠠᠨ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠤᠯᠠᠭᠠᠨᠬᠠᠳᠠ︶ ᠤᠨ ᠬᠢᠵᠠᠭᠠᠷᠲᠤ ᠺᠣᠮᠫᠠᠨᠢ᠂ ᠶᠤᠸᠠᠨ ᠪᠦᠦ ᠱᠠᠨ ᠤ | ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠦᠵᠡᠭᠦᠯᠦᠯᠭᠡ ᠶᠢᠨ ᠲᠢᠩᠬᠢᠮ ᠳᠤ | ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠠᠬᠤᠢ ᠲᠠᠯᠠᠪᠤᠷ ᠲᠤ | ᠰᠠᠨᠠᠯ ᠢᠶᠠᠨ ᠰᠣᠯᠢᠯᠴᠠᠬᠤ᠂ ᠸᠢᠳᠢᠣ᠋ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠪᠥᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ | ᠠᠵᠢᠯᠯᠠᠭᠠᠨ ᠤ ᠪᠦᠬᠦᠯᠢ ᠴᠣᠭᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠨ ᠦᠵᠡᠬᠦ ᠳᠤᠭᠤᠶᠢᠯᠠᠩ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ | ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠪᠠᠶᠢᠴᠠᠭᠠᠨ ᠦᠵᠡᠬᠦ ᠳᠤᠭᠤᠶᠢᠯᠠᠩ ᠠᠴᠠ | ᠴᠢᠬᠤᠯᠠᠴᠢᠯᠠᠭᠰᠠᠨ ᠨᠢ᠂ ᠠᠵᠤ ᠦᠢᠯᠡᠳᠪᠦᠷᠢ ᠶᠢᠨ ᠠᠵᠤ ᠠᠬᠤᠢ ᠪᠣᠯ ᠪᠦᠬᠦ ᠲᠣᠭᠤᠷᠢᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠣᠯᠡᠮ ᠨᠢᠭᠡ ᠠᠯᠬᠤᠮ | ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠰᠢᠯᠢᠳᠡᠭ ᠦᠢᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠬᠦᠴᠢᠷᠳᠡᠯ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠳᠤᠮᠳᠠᠬᠢ ᠬᠦᠴᠢᠷᠳᠡᠯ᠂ ᠡᠪᠡᠷᠰᠢᠶᠡᠯ᠂ ᠲᠦᠭᠵᠢᠷᠡᠯ ᠤᠨ ᠠᠰᠠᠭᠤᠳᠠᠯ ᠢ ᠰᠠᠨᠠᠭ᠎ᠠ ᠰᠡᠳᠬᠢᠯ ᠲᠠᠯᠪᠢᠨ | ᠰᠢᠢᠳᠪᠦᠷᠢᠯᠡᠵᠦ᠂ ᠰᠢᠯᠢᠳᠡᠭ ᠰᠠᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢᠶᠠᠷ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ | ᠰᠢᠯᠢᠳᠡᠭᠵᠢᠭᠦᠯᠵᠦ᠂ ᠳᠠᠪᠠᠭᠤᠯᠢᠭ ᠠᠵᠤ ᠦᠢᠯᠡᠰ ᠢ ᠲᠦᠷᠭᠡᠨ ᠲᠥᠪᠯᠡᠷᠡᠭᠦᠯᠵᠦ᠂ ᠬᠥᠭᠵᠢᠯᠲᠡ ᠶᠢᠨ ᠴᠢᠳᠠᠪᠤᠷᠢ ᠶᠢᠨ | ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ | ᠪᠠᠬᠢᠵᠢᠭᠦᠯᠬᠦ ᠬᠡᠷᠡᠭᠲᠡᠶ ᠭᠡᠵᠡᠢ᠃ | |