12 ᠰᠠᠷ᠎ᠠ ᠶᠢᠨ 25 ᠤ ᠡᠳᠦᠷ᠂ ᠮᠠᠨ ᠤ ᠲᠣᠭᠤᠷᠢᠭ 2024 ᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠤᠨ ᠮᠡᠳᠡᠭᠡᠯᠡᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠼᠤᠤ ᡁᠢ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ︔ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠬᠤᠷᠠᠯ ᠳᠤ ᠣᠷᠣᠯᠴᠠᠪᠠ︔ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ | ᠪᠥᠸᠧ 2024 ᠣᠨ ᠤ ᠶᠤᠸᠠᠨ ᠪᠦᠦ ᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠮᠡᠳᠡᠭᠳᠡᠪᠡ︔ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠤ ᠬᠤᠷᠠᠯ ᠢ ᠡᠷᠭᠢᠯᠡᠪᠡ᠃ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠵᠢᠴᠢ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠰᠡᠬᠡᠭᠡᠲᠡᠳ ᠤᠨ ᠬᠤᠯᠪᠣᠭᠠᠲᠤ ᠬᠤᠷᠠᠯ᠂ ᠰᠢᠨ᠎ᠡ ᠬᠤᠯᠪᠣᠭᠠᠲᠤ ᠬᠤᠷᠠᠯ ᠤᠨ | ᠬᠠᠷᠢᠭᠤᠴᠠᠯᠭᠠᠲᠠᠨ ᠨᠥᠬᠦᠳ ᠬᠠᠨᠳᠤᠯᠭᠠᠲᠤ ᠴᠢᠨᠠᠷᠲᠠᠶ ᠪᠠᠷ ᠰᠠᠨᠠᠯ ᠰᠠᠨᠠᠭᠤᠯᠭ᠎ᠠ ᠳᠤᠷᠠᠳᠪᠠ᠃ ᠲᠤᠭᠤᠷᠢᠭ ᠤᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠵᠢᠯ ᠤᠨ ᠲᠤᠷᠰᠢ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠬᠥᠭᠵᠢᠯᠲᠡ ᠳᠤ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠪᠦᠬᠦ ᠲᠣᠭᠤᠷᠢᠭ ᠤᠨ ᠭᠤᠣᠯᠳᠠᠯᠭ᠎ᠠ ᠲᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠤᠯᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠲᠤᠭ᠎ᠠ ᠪᠣᠯᠤᠨ ᠪᠣᠳᠠᠲᠠᠶᠢᠵᠢᠭᠤᠯᠬᠤ ᠪᠡᠯᠡ ᠮᠥᠩᠭᠦ | ᠵᠠᠯᠭᠠᠭ᠎ᠠ ᠪᠠᠷ 7 ᠵᠢᠯ ᠪᠦᠬᠦ ᠬᠤᠳᠠ ᠳᠤ ᠲᠦᠷᠦᠭᠦᠯᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠠᠭᠤᠰᠤᠯᠴᠠᠨ ᠬᠥᠭᠵᠢᠬᠦ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠦ᠂ ᠬᠤᠳᠠ ᠶᠢᠨ ᠴᠢᠳᠠᠪᠬᠢ ᠲᠠᠰᠤᠷᠠᠯᠲᠠ | ᠦᠭᠡᠢ ᠲᠡᠭᠦᠯᠳᠡᠷᠵᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢᠯᠡᠳᠲᠡ | ᠳᠡᠭᠡᠭᠰᠢᠯᠡᠪᠡ᠃ | ᠬᠤᠷᠠᠯ ᠠᠴᠠ᠂ ᠨᠢᠭᠡᠳᠦᠮᠡᠯ ᠹᠷᠣᠨᠲ ᠤᠨ ᠡᠯ᠎ᠡ ᠡᠲᠡᠭᠡᠳ ᠤᠨ ᠬᠥᠮᠦᠰ ᠡᠯ᠎ᠡ ᠡᠲᠡᠭᠡᠳ ᠤᠨ ᠬᠢᠨ ᠲᠠᠢ | ᠬᠠᠷᠢᠯᠴᠠᠬᠤ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ | ᠪᠦᠯᠬᠦᠮᠳᠡᠵᠦ᠂ ᠳᠠᠶᠢᠴᠢᠯᠠᠵᠤ ᠪᠣᠯᠬᠤ ᠢᠳᠡᠪᠬᠢ ᠬᠦᠴᠦᠨ ᠪᠦᠬᠦᠨ ᠢ ᠳᠠᠶᠢᠴᠢᠯᠠᠵᠤ᠂ ᠬᠥᠭᠵᠢᠯᠲᠡ ᠶᠢ ᠬᠠᠮᠲᠤ ᠪᠠᠷ | ᠠᠬᠢᠭᠤᠯᠬᠤ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠵᠡᠯ ᠰᠠᠨᠠᠭ᠎ᠠ ᠤᠯᠤᠰ | ᠲᠥᠷᠥ ᠶᠢᠨ ᠬᠥᠲᠥᠯᠥᠨ ᠵᠢᠯᠣᠭᠤᠳᠤᠯᠭ᠎ᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠡᠵᠡᠮᠰᠢᠨ ᠥᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ | ᠨᠢᠭᠡᠳᠦᠯᠲᠡᠢ ᠪᠠᠶᠢᠬᠤ ᠶᠢ ᠪᠠᠲᠤᠯᠠᠵᠤ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢᠨ | ᠪᠣᠳᠠᠲᠤ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠣᠰ ᠪᠡᠶ᠎ᠡ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠢᠯᠡᠭᠦᠬᠡᠨ ᠪᠠᠶᠢᠴᠠᠭᠠᠨ ᠰᠤᠳᠤᠯᠤᠯᠲᠠ ᠬᠢᠵᠦ᠂ | ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ︽ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ︾ | ᠰᠢᠭᠤᠳ ᠨᠡᠪᠲᠡᠷᠡᠬᠦ ᠲᠡᠷᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠳᠤ ᠨᠠᠩ ᠬᠠᠨᠳᠤᠯᠭᠠᠲᠤ ᠴᠢᠨᠠᠷᠲᠠᠶ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠶ | ᠰᠠᠨᠠᠭᠤᠯᠭ᠎ᠠ ᠳᠡᠪᠰᠢᠭᠦᠯᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ︽ᠦᠵᠡᠯ ᠰᠠᠨᠠᠭᠠᠨ ᠤ ᠶᠡᠭᠡ | ᠴᠢᠯᠥᠭᠡᠯᠡᠯᠲᠡ᠂ ᠠᠵᠢᠯ ᠤᠨ ᠶᠡᠭᠡ ᠬᠤᠷᠳᠤᠴᠠ᠂ ᠠᠵᠤ ᠠᠬᠤᠶ ᠶᠢᠨ ᠶᠡᠭᠡ ᠬᠥᠭᠵᠢᠯᠲᠡ︾ ᠶᠢᠨ ᠶᠠᠷᠢᠯᠴᠠᠭᠠᠨ ᠤ | ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ | ᠨᠢᠭᠡᠳᠦᠮᠡᠯ ᠹᠷᠣᠨᠲ ᠤᠨ ᠠᠵᠢᠯ ᠤᠨ ᠦᠷ᠎ᠡ ᠪᠦᠲᠦᠮᠵᠢ ᠶᠢ ᠬᠥᠭᠵᠢᠯᠲᠡ ᠶᠢ ᠠᠬᠢᠭᠤᠯᠬᠤ ᠶᠠᠪᠤᠴᠠ ᠳᠤ ᠭᠦᠢᠴᠡᠳ | ᠪᠠᠳᠠᠷᠠᠭᠤᠯᠬᠤ ᠪᠠᠷ ᠴᠢᠷᠮᠠᠶᠢᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ | ᠨᠢᠭᠡᠳᠦᠮᠡᠯ ᠹᠷᠣᠨᠲ ᠤᠨ ᠬᠦᠴᠦᠨ ᠢᠶᠠᠨ ᠡᠷᠭᠦᠬᠦ ᠬᠡᠷᠡᠭᠲᠡᠶ᠃ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠦᠵᠡᠯ ᠰᠠᠨᠠᠭ᠎ᠠ ᠣᠨᠣᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠷᠬᠡᠪᠰᠢ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠲᠠᠢ ᠴᠢᠭᠯᠡᠯ ᠨᠢᠭᠡᠳᠦᠯᠲᠡᠶ᠂ ᠬᠠᠷᠠᠯᠲᠠ | ᠨᠢᠭᠡᠳᠦᠯᠲᠡᠶ᠂ ᠠᠵᠢᠯ ᠨᠢᠭᠡᠳᠦᠯᠲᠡᠶ ᠪᠠᠶᠢᠬᠤ ᠶᠢ ᠪᠠᠷᠢᠮᠲᠠᠯᠠᠨ ᠮᠥᠨᠴᠦ ᠦᠢᠯᠡᠳᠦᠯᠭᠡ ᠶᠢᠨ ᠠᠵᠢᠯ ᠤᠨ ᠳᠤᠮᠳᠠ | ᠵᠣᠷᠢᠭᠲᠠᠶ ᠪᠠᠷ ᠰᠢᠨ᠎ᠡ ᠶᠢ ᠡᠭᠦᠳᠴᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ | ᠴᠢᠨᠠᠷ ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ | ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠲᠤᠯᠠᠪᠤᠷᠢ ᠶᠢᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠰᠠᠶᠢᠲᠤᠷ ᠪᠠᠶᠢᠭᠤᠯᠵᠤ᠂ | ᠨᠢᠭᠡᠳᠦᠮᠡᠯ ᠹᠷᠣᠨᠲ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠶᠤᠸᠠᠨ ᠪᠦᠦ ᠱᠠᠨ ᠤ ᠵᠠᠳᠠᠭᠠᠢ | ᠨᠡᠭᠦᠷᠡᠰᠦᠨ ᠠᠭᠤᠷᠬᠠᠢ ᠶᠢᠨ ᠢᠨᠵᠠᠭ᠎ᠠ ᠶᠢᠨ ᠭᠤᠣᠯ ᠤᠨ ᠥᠭᠡᠷᠡᠴᠢᠯᠡᠯᠲᠡ ᠶᠢᠨ ᠢᠨᠵᠧᠨᠧᠷᠢᠩ᠂ | ᠤᠯᠠᠭᠠᠨᠬᠠᠳᠠ ᠶᠢᠨ ᠶᠢᠨ ᠰᠢᠤᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠧᠢ ᠼᠦᠩ | ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | |