ᠶᠤᠸᠠᠨ ᠪᠦᠦ ᠱᠠᠨ ᠲᠣᠭᠤᠷᠢᠭ 2024 ᠣᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/27
    12 ᠰᠠᠷ᠎ᠠ ᠶᠢᠨ 25᠎ ᠤ ᠡᠳᠦᠷ᠂ ᠶᠤᠸᠠᠨ ᠪᠦᠦ ᠱᠠᠨ ᠲᠣᠭᠤᠷᠢᠭ 2024 ᠣᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠭᠦᠸᠧ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠯᠢ ᠸᠧᠨ ᠵᠢᠶᠦ᠋ᠨ ᠬᠤᠷᠠᠯ ᠳᠤ ᠣᠷᠣᠯᠴᠠᠪᠠ︔ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ 2024 ᠣᠨ ᠤ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃    ᠬᠤᠷᠠᠯ ᠠᠴᠠ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠪᠣᠯ ᠪᠣᠳᠠᠲᠤ ᠪᠠᠶᠢᠳᠠᠯ ᠳᠤ ᠰᠠᠭᠤᠷᠢᠯᠠᠭᠰᠠᠨ᠂ ᠢᠷᠡᠭᠡᠳᠦᠢ ᠲᠠᠢ ᠬᠤᠯᠪᠤᠭᠳᠠᠭᠰᠠᠨ ᠤᠷᠳᠤ ᠬᠤᠭᠤᠴᠠᠭᠠᠨ ᠤ ᠡᠭᠦᠷᠭᠡ ᠪᠣᠯᠤᠨ᠎ᠠ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠡᠨᠡᠬᠦ ᠠᠵᠢᠯ ᠤᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠤᠨ ᠲᠤᠬᠠᠢ ᠰᠡᠷᠭᠡᠭ ᠲᠠᠨᠢᠯᠲᠠ ᠲᠠᠢ ᠪᠠᠶᠢᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ ᠴᠥᠬᠦᠷᠡᠰᠢ ᠦᠭᠡᠢ ᠠᠳᠬᠤᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ︾᠎ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠥᠨ ᠬᠡᠪᠴᠢᠶ᠎ᠡ ᠶᠢ ᠥᠷᠭᠡᠳᠬᠡᠵᠦ᠂ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠰᠡᠯᠡᠩ ᠲᠠᠢ᠂ ᠢᠲᠡᠭᠡᠯ ᠪᠢᠰᠢᠷᠡᠯ ᠲᠠᠢ᠂ ᠮᠡᠷᠭᠡᠵᠢᠯ ᠲᠠᠢ᠂ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠦᠨᠳᠦᠰᠦᠨ ᠠᠴᠠ ᠨᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠥᠨᠵᠡᠭᠡᠶᠢᠷᠡᠭᠦᠯᠵᠦ᠂ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1