ᠶᠤᠸᠠᠨ ᠪᠤᠤ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/12/28
    12 ᠰᠠᠷ᠎ᠠ ᠶᠢᠨ 26᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠶᠤᠸᠠᠨ ᠪᠦᠦ ᠱᠠᠨ ᠲᠣᠭᠤᠷᠢᠭ ᠤᠨ ᠨᠣᠮ ᠤᠨ ᠰᠠᠩ ᠳᠤ ᠶᠠᠪᠤᠭᠳᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ᠂ ᠯᠢᠦ ᠯᠢᠩ ᠶᠠᠨ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠹᠠᠨ ᠰᠢᠶᠤᠤ ᠴᠢᠦ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠦᠵᠡᠮᠵᠢ ᠶᠢᠨ ᠣᠷᠣᠨ ᠤ ᠵᠣᠴᠢᠳ ᠤᠨ ᠪᠠᠭᠤᠳᠠᠯ ᠤᠨ ᠲᠥᠯᠥᠭᠡᠯᠡᠭᠴᠢ ᠪᠠ ᠰᠣᠶᠣᠯ ᠵᠢᠭᠤᠯᠴᠢᠯᠠᠯ ᠤᠨ ᠦᠢᠯᠡᠰ ᠢ ᠳᠡᠮᠵᠢᠭᠰᠡᠨ ᠰᠢᠯᠭᠠᠷᠠᠭᠰᠠᠨ ᠵᠠᠯᠠᠭᠤᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
a1_副本.jpg
        ᠯᠤᠸᠠᠨ ᠶᠦᠨ ᠾᠧ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠣᠭ᠎ᠠ ᠪᠠᠶᠢᠭᠤᠯᠤᠭᠳᠠᠭᠰᠠᠨ ᠪᠠ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠤᠭᠴᠢ ᠶᠢᠨ ᠨᠡᠷᠡᠰ ᠢ ᠨᠡᠶᠢᠲᠡᠯᠡᠵᠡᠢ᠃    ᠫᠧᠩ ᠰᠢᠶᠤᠤ ᠵᠢᠤᠸᠠᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠪᠡ᠃ ᠲᠡᠷᠡ ᠵᠢᠭᠠᠵᠤ ᠭᠠᠷᠭᠠᠭᠰᠠᠨ ᠨᠢ᠂ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠣᠭ᠎ᠠ ᠪᠠᠶᠢᠭᠤᠯᠤᠭᠳᠠᠭᠰᠠᠨ ᠨᠢ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠳᠤ ᠲᠦᠢᠯ ᠤᠨ ᠴᠢᠬᠤᠯᠠ ᠲᠠᠪᠴᠠᠩ ᠬᠠᠩᠭᠠᠭᠰᠠᠨ ᠪᠠᠶᠢᠨ᠎ᠠ᠃ ᠬᠤᠶᠢᠰᠢᠳᠠ ᠬᠤᠯᠪᠣᠭ᠎ᠠ ᠨᠢ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠶᠤᠸᠠᠨ ᠪᠦᠦ ᠱᠠᠨ ᠲᠣᠭᠤᠷᠢᠭ ᠤᠨ ᠥᠪᠡᠷᠮᠢᠴᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠳᠤ ᠬᠦᠷᠭᠡᠵᠦ᠂ ᠡᠯ᠎ᠠ ᠭᠠᠵᠠᠷ ᠤᠨ ᠨᠠᠶᠢᠵᠠ ᠨᠠᠷ ᠢ ᠬᠦᠳᠦᠯᠦᠨ ᠳᠠᠭᠠᠭᠤᠯᠵᠤ ᠡᠨᠡ ᠬᠦ ᠭᠠᠵᠠᠷ ᠤᠰᠤᠨ ᠤ ᠷᠢᠳᠢ ᠰᠢᠳᠢ ᠶᠢ ᠦᠨᠡᠨ ᠬᠦ ᠣᠶᠢᠯᠠᠭᠠᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠰᠣᠶᠣᠯ ᠵᠢᠭᠤᠯᠴᠢᠯᠠᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠵᠢᠴᠢ ᠦᠵᠡᠮᠵᠢ ᠶᠢᠨ ᠣᠷᠣᠨ ᠦᠵᠡᠮᠵᠢ ᠶᠢᠨ ᠴᠡᠭ ᠨᠢ ᠪᠠᠰᠠ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠣᠭ᠎ᠠ ᠳᠤ ᠪᠦᠬᠦ ᠲᠠᠯ᠎ᠠ ᠶᠢᠨ᠂ ᠴᠢᠩᠭ᠎ᠠ ᠬᠦᠴᠦᠲᠡᠢ ᠳᠡᠮᠵᠢᠯᠭᠡ ᠬᠠᠩᠭᠠᠵᠤ᠂ ᠡᠷᠳᠡᠮ ᠴᠢᠳᠠᠪᠤᠷᠢ ᠪᠠᠷ ᠥᠨᠳᠥᠷ᠂ ᠲᠤᠰᠬᠠᠢ ᠮᠡᠷᠭᠡᠵᠢᠯ ᠳᠡᠭᠡᠨ ᠴᠠᠭᠠᠷᠠᠭᠰᠠᠨ ᠰᠢᠯᠢᠳᠡᠭ ᠰᠣᠶᠣᠯ ᠵᠢᠭᠤᠯᠴᠢᠯᠠᠯ ᠤᠨ ᠲᠠᠨᠢᠯᠴᠠᠭᠤᠯᠤᠭᠴᠢᠳ ᠢ ᠪᠣᠢ ᠪᠣᠯᠭᠠᠵᠤ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠭᠠᠷᠮᠠᠭᠠᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
a2_副本.jpg
        ᠵᠠᠩ ᠴᠢᠶᠦ᠋ᠨ᠂ ᠯᠢᠦ ᠹᠧᠩ ᠬᠤᠸᠠ᠂ ᠯᠢᠦ ᠯᠢᠩ ᠶᠠᠨ᠂ ᠹᠠᠨ ᠰᠢᠶᠤᠤ ᠴᠢᠦ ᠰᠣᠶᠣᠯ ᠵᠢᠭᠤᠯᠴᠢᠯᠠᠯ ᠤᠨ ᠲᠠᠨᠢᠯᠴᠠᠭᠤᠯᠤᠭᠴᠢ ᠳᠤ ᠢᠷᠠᠭᠤ ᠠᠯᠳᠠᠷ ᠤᠨ ᠤᠷᠢᠯᠭ᠎ᠠ ᠶᠢᠨ ᠪᠢᠴᠢᠭ ᠣᠯᠭᠤᠵᠤ᠂ ᠰᠣᠶᠣᠯ ᠵᠢᠭᠤᠯᠴᠢᠯᠠᠯ ᠤᠨ ᠬᠤᠯᠪᠤᠭᠠᠨ ᠤ ᠭᠠᠷ ᠴᠠᠭᠠᠷᠢᠭ ᠵᠡᠭᠦᠯᠭᠡᠵᠡᠢ᠃    ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠯᠪᠤᠭᠠᠨ ᠤ ᠪᠠᠶᠢᠭᠤᠯᠤᠭᠳᠠᠭᠰᠠᠨ ᠨᠢ ᠶᠤᠸᠠᠨ ᠪᠦᠦ ᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ ᠪᠠᠰᠠ ᠭᠠᠵᠠᠷ ᠣᠷᠣᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠬᠤ ᠳᠤ ᠰᠢᠨ᠎ᠡ ᠰᠡᠳᠬᠢᠮᠵᠢ ᠬᠠᠩᠭᠠᠭᠰᠠᠨ ᠪᠠᠶᠢᠨ᠎ᠠ᠃ ᠢᠷᠡᠭᠡᠳᠦᠢ ᠳᠤ ᠶᠤᠸᠠᠨ ᠪᠦᠦ ᠱᠠᠨ ᠲᠣᠭᠤᠷᠢᠭ ᠡᠨᠡᠬᠦ ᠴᠣ ᠰᠢᠨ᠎ᠡ ᠲᠠᠪᠴᠠᠩ ᠢ ᠠᠰᠢᠭᠯᠠᠵᠤ᠂ ᠶᠤᠸᠠᠨ ᠪᠦᠦ ᠱᠠᠨ ᠤ ᠦᠯᠢᠭᠡᠷ ᠢ ᠰᠡᠳᠬᠢᠯ ᠲᠠᠯᠪᠢᠨ ᠰᠠᠶᠢᠲᠤᠷ ᠶᠠᠷᠢᠵᠤ᠂ ᠶᠤᠸᠠᠨ ᠪᠦᠦ ᠱᠠᠨ ᠤ ᠳᠠᠭᠤᠨ ᠢ ᠰᠠᠶᠢᠲᠤᠷ ᠳᠠᠮᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠥᠪᠡᠷᠮᠢᠴᠡ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠭᠦᠢᠴᠡᠳ ᠠᠭᠤᠳᠠᠯᠤᠨ ᠳᠡᠯᠭᠡᠨ ᠦᠵᠡᠭᠦᠯᠵᠦ᠂ ᠣᠷᠣᠨ ᠪᠦᠰᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1