12 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠪᠦᠯᠬᠦᠮ | ᠳᠠᠭᠠᠭᠤᠯᠤᠨ ᠪᠡᠭᠡᠵᠢᠩ ᠬᠤᠲᠠ᠂ ᠴᠢᠩᠳᠣᠤ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠥᠳᠡᠯᠭᠡᠭᠡᠨ ᠥᠷᠨᠢᠭᠦᠯᠪᠡ᠃ | ᠲᠠᠯ᠎ᠠ ᠨᠤᠲᠤᠭ ᠤᠨ ᠰᠢᠩ ᠹᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ︵ᠪᠡᠭᠡᠵᠢᠩ︶ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠲᠠᠯ᠎ᠠ ᠨᠤᠲᠤᠭ ᠤᠨ ᠰᠢᠩ ᠹᠠ | ᠣᠳᠤ ᠥᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠵᠢᠴᠢ ᠳᠡᠭᠡᠳᠦ ᠲᠡᠰ ᠤᠨ | ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠪᠦᠯᠬᠦᠮ ᠳᠤ ᠠᠵᠤ ᠠᠬᠤᠶᠢᠯᠠᠯ ᠤᠨ ᠢᠷᠡᠭᠡᠳᠦᠢ ᠶᠢᠨ | ᠬᠥᠭᠵᠢᠯᠲᠡ ᠶᠢᠨ ᠴᠢᠭᠯᠡᠯ ᠵᠢᠴᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠲᠥᠯᠥᠪᠵᠢᠭᠦᠯᠭᠡ ᠪᠠᠨ ᠨᠠᠷᠢᠨ | ᠲᠠᠨᠢᠯᠴᠠᠭᠤᠯᠪᠠ᠃ ᠵᠠᠩ ᡁᠢ ᠸᠧᠢ ᠢᠯᠡᠷᠬᠡᠶᠢᠯᠡᠭᠰᠡᠨ ᠨᠢ᠂ ᠲᠠᠯ᠎ᠠ ᠨᠤᠲᠤᠭ ᠤᠨ ᠰᠢᠩ ᠹᠠ ᠨᠢ ᠳᠤᠮᠳᠠᠳᠤ ᠤᠯᠤᠰ ᠤᠨ | ᠨᠡᠷᠡᠳᠦ ᠲᠠᠯ᠎ᠠ ᠨᠤᠲᠤᠭ ᠤᠨ ᠤᠯᠠᠭᠠᠨ ᠢᠳᠡᠭᠡᠨ ᠤ ᠠᠵᠤ ᠠᠬᠤᠶᠢᠯᠠᠯ ᠪᠣᠯᠤᠨ ᠤᠯᠤᠰ ᠤᠨ ᠲᠠᠷᠢᠶᠠᠯᠠᠩ ᠤᠨ ᠠᠵᠤ | ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ | ᠤᠯᠠᠭᠠᠨᠬᠠᠳᠠ ᠣᠷᠣᠨ ᠳᠤ ᠤᠯᠠᠨ ᠵᠢᠯ ᠭᠦᠨ ᠰᠠᠭᠤᠷᠢᠰᠢᠵᠤ᠂ ᠤᠳᠤ ᠶᠠᠭ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠬᠤ ᠵᠢᠴᠢ ᠶᠡᠷᠦᠩᠬᠡᠢ ᠬᠡᠯᠲᠡᠰ ᠨᠢ ᠶᠤᠸᠠᠨ ᠪᠦᠦ ᠱᠠᠨ ᠲᠣᠭᠤᠷᠢᠭ ᠲᠤ ᠪᠣᠴᠠᠨ ᠨᠡᠭᠦᠬᠦ ᠵᠠᠩᠭᠢᠯᠠᠭ᠎ᠠ ᠶᠢᠨ | ᠬᠤᠭᠤᠴᠠᠭᠠᠨ ᠳᠤ ᠪᠠᠶᠢᠵᠤ᠂ ᠡᠷᠬᠡᠪᠰᠢ ᠲᠠᠯ᠎ᠠ ᠨᠤᠲᠤᠭ ᠤᠨ ᠰᠢᠩ ᠹᠠ ᠶᠢᠨ ᠲᠦᠷᠦᠯ ᠲᠡᠮᠳᠡᠭ ᠤᠨ ᠨᠥᠯᠥᠭᠡᠯᠡᠬᠦ | ᠬᠦᠴᠦᠨ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠷᠢᠬᠦ | ᠬᠡᠷᠡᠭᠲᠡᠢ᠃ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠪᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ | ᠨᠢᠭᠡᠳ ᠨᠢᠭᠡ ᠪᠠᠷ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ | ᠤᠳᠤᠷᠢᠳᠤᠯᠭ᠎ᠠ ᠪᠠ ᠠᠬᠢᠭᠤᠯᠬᠤ ᠲᠤᠰᠬᠠᠢ ᠠᠩᠭᠢ ᠨᠢ ᠠᠵᠤ ᠠᠬᠤᠶᠢᠯᠠᠯ ᠲᠠᠢ ᠨᠢᠭᠲᠠ ᠨᠡᠪᠲᠡᠷᠡᠯᠴᠡᠨ | ᠬᠠᠷᠢᠯᠴᠠᠬᠤ ᠶᠢ ᠪᠠᠲᠤᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ | ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠦᠨ ᠨᠠᠶᠢᠳᠠᠪᠤᠷᠢᠵᠢᠭᠤᠯᠵᠤ᠂ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ | ᠸᠧᠢ ᠵᠦᠸᠧ ᠴᠢᠯᠠᠭᠤᠨ ᠲᠣᠰᠣᠨ ᠤ ᠰᠢᠨᠵᠢᠯᠡᠬᠦ ᠤᠬᠠᠭᠠᠨ ᠮᠡᠷᠭᠡᠵᠢᠯ ︵ᠪᠡᠭᠡᠵᠢᠩ︶ ᠤᠨ ᠬᠢᠵᠠᠭᠠᠷᠲᠤ | ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠳᠤ ᠶᠤᠸᠠᠨ ᠪᠦᠦ ᠱᠠᠨ | ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠶᠢ ᠨᠠᠷᠢᠨ ᠲᠠᠨᠢᠯᠴᠠᠭᠤᠯᠵᠤ᠂ ᠲᠤᠰ | ᠺᠣᠮᠫᠠᠨᠢ ᠶᠢᠨ ᠬᠥᠭᠵᠢᠯᠲᠡ ᠶᠢᠨ ᠣᠶᠢᠯᠠᠭᠠᠭᠳᠠᠬᠤᠨ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠴᠢᠯᠠᠭᠤᠨ ᠲᠣᠰᠣᠨ ᠤ ᠠᠭᠤᠷᠬᠠᠢ ᠶᠢᠨ | ᠮᠡᠷᠭᠡᠵᠢᠯ ᠤᠨ ᠦᠢᠯᠡᠴᠢᠯᠡᠭᠡ᠂ ᠠᠭᠤᠷᠬᠠᠢ ᠶᠢᠨ ᠭᠠᠵᠠᠷ ᠤᠨ ᠭᠠᠮᠰᠢᠭ ᠢ ᠵᠠᠰᠠᠬᠤ᠂ ᠵᠢᠯᠣᠭᠤᠴᠢ ᠦᠭᠡᠢ ᠣᠶᠤᠨᠴᠢ | ᠬᠠᠶᠢᠨ ᠬᠡᠮᠵᠢᠯᠲᠡ ᠶᠢᠨ ᠲᠣᠨᠣᠭᠯᠠᠯ ᠵᠡᠷᠭᠡ ᠲᠦᠷᠦᠯ ᠵᠦᠢᠯ ᠤᠨ ᠬᠠᠮᠲᠤᠷᠠᠯᠴᠠᠭᠠᠨ ᠤ ᠬᠦᠷᠢᠶᠡᠨ ᠤ ᠲᠤᠬᠠᠢ ᠭᠦᠨᠵᠡᠭᠡᠢ | ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠵᠠᠩ ᡁᠢ ᠸᠧᠢ ᠠᠵᠤ ᠠᠬᠤᠶᠢᠯᠠᠯ ᠳᠤ ᠴᠢᠩ ᠰᠡᠳᠬᠢᠯ ᠠᠴᠠ ᠪᠠᠨ | ᠤᠷᠢᠯᠭ᠎ᠠ ᠭᠠᠷᠭᠠᠵᠤ᠂ ᠸᠧᠢ ᠵᠦᠸᠧ ᠵᠡᠷᠭᠡ ᠺᠤᠮᠫᠠᠨᠢ ᠶᠢᠨ ᠬᠢᠨ ᠬᠤᠷᠳᠤᠬᠠᠨ ᠶᠤᠸᠠᠨ ᠪᠦᠦ ᠱᠠᠨ ᠲᠣᠭᠤᠷᠢᠭ ᠲᠤ | ᠬᠥᠷᠥᠨ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠲᠤᠨᠢ ᠬᠦᠷᠴᠦ ᠦᠵᠡᠨ᠂ ᠡᠨᠡᠬᠦ ᠪᠡᠯᠡ | ᠣᠷᠣᠭᠤᠯᠤᠯᠲᠠ ᠶᠢᠨ ᠬᠠᠯᠠᠭᠤᠨ ᠬᠥᠷᠥᠰᠥ ᠶᠢ ᠪᠡᠶ᠎ᠡ ᠪᠠᠷ ᠢᠶᠠᠨ ᠣᠶᠢᠯᠠᠭᠠᠬᠤ ᠶᠢ ᠬᠦᠰᠡᠪᠡ᠃ ᠠᠵᠤ ᠠᠬᠤᠶᠢᠯᠠᠯ ᠤᠨ | ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠰ ᠤᠨ ᠰᠠᠭᠤᠷᠢ | ᠵᠤᠵᠠᠭᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠲᠡᠷᠢᠭᠦᠨ ᠵᠡᠷᠭᠡ ᠶᠢᠨ ᠪᠠᠶᠢᠬᠤ ᠨᠢ ᠪᠠᠯᠠ | ᠣᠷᠣᠭᠤᠯᠤᠨ ᠦᠢᠯᠡᠰ ᠬᠥᠭᠵᠢᠭᠦᠯᠬᠦ ᠬᠠᠮᠤᠭ ᠤᠨ ᠰᠠᠶᠢᠨ ᠰᠣᠩᠭᠤᠯᠲᠠ ᠮᠥᠨ᠂ ᠢᠷᠡᠭᠡᠳᠦᠶ ᠳᠤ ᠶᠤᠸᠠᠨ ᠪᠦᠦ ᠱᠠᠨ | ᠲᠣᠭᠤᠷᠢᠭ ᠤᠨ ᠣᠷᠣᠨ ᠪᠠᠶᠢᠷᠢ ᠡᠬᠢ ᠪᠠᠶᠠᠯᠢᠭ ᠤᠨ ᠳᠠᠪᠠᠭᠤᠯᠢᠭ ᠰᠠᠶᠢᠨ ᠳᠤ ᠲᠦᠰᠢᠭᠯᠡᠨ᠂ ᠰᠤᠳᠤᠯᠤᠨ ᠨᠡᠭᠡᠭᠡᠬᠦ | ᠲᠥᠪ᠂ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠨᠢᠭᠲᠠ | ᠬᠠᠮᠲᠤᠷᠠᠯᠴᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ | ᠴᠢᠩᠳᠣᠤ ᠶᠢᠨ ᠶᠤᠸᠠᠢ ᠳ᠋ᠠ ᠰᠢᠨ ᠳ᠋ᠦᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠬᠥᠳᠡᠯᠭᠡᠬᠦ | ᠬᠦᠴᠦᠨ ᠤ ᠶᠡᠷᠦᠩᠬᠡᠢ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠪᠦᠯᠬᠦᠮ ᠳᠤ ᠦᠢᠯᠡᠳᠬᠦᠨ ᠤ ᠰᠤᠳᠤᠯᠤᠨ ᠨᠡᠭᠡᠭᠡᠬᠦ | ᠣᠶᠢᠯᠠᠭᠠᠭᠳᠠᠬᠤᠨ ᠵᠢᠴᠢ ᠨᠡᠮᠡᠯᠲᠡ ᠬᠥᠩᠭᠡᠨ ᠺᠠᠷᠲ ᠤᠨ ᠬᠦᠷᠢᠶᠡᠨ ᠳᠤ ᠣᠯᠤᠭᠰᠠᠨ ᠮᠡᠷᠭᠡᠵᠢᠯ ᠤᠨ | ᠰᠢᠪᠲᠤᠯᠤᠯᠲᠠ ᠶᠢ ᠨᠠᠷᠢᠨ ᠲᠠᠨᠢᠯᠴᠠᠭᠤᠯᠵᠠᠢ᠃ ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ | ᠬᠤᠶᠠᠷ ᠲᠠᠯ᠎ᠠ ᠪᠠᠷ ᠢᠶᠠᠨ ᠵᠢᠯ ᠳᠤ 10 ᠲᠦᠮᠡᠨ ᠢᠵᠢ ᠬᠥᠳᠡᠯᠭᠡᠬᠦ ᠬᠦᠴᠦᠨ ᠤ ᠶᠡᠷᠦᠩᠬᠡᠢ ᠦᠢᠯᠡᠳᠪᠦᠷᠢᠯᠡᠯ ᠤᠨ | ᠱᠤᠭᠤᠮ ᠪᠣᠯᠤᠨ ᠴᠢᠳᠠᠪᠬᠢ ᠶᠢᠨ ᠲᠤᠷᠰᠢᠯᠲᠠ ᠶᠢᠨ ᠲᠥᠪ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠪᠡᠯᠡ ᠣᠷᠣᠭᠤᠯᠤᠯᠲᠠ ᠶᠢᠨ ᠲᠥᠯᠥᠪᠯᠡᠭᠡ᠂ ᠨᠠᠶᠢᠳᠠᠪᠤᠷᠢᠵᠢᠭᠤᠯᠬᠤ ᠨᠥᠬᠦᠴᠡᠯ᠂ ᠬᠠᠮᠲᠤᠷᠠᠯᠴᠠᠭᠠᠨ ᠤ ᠠᠷᠭ᠎ᠠ ᠬᠡᠯᠪᠡᠷᠢ | ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠪᠠ᠃ ᠵᠠᠩ ᡁᠢ ᠸᠧᠢ ᠢᠯᠡᠷᠬᠡᠶᠢᠯᠡᠭᠰᠡᠨ ᠨᠢ᠂ ᠶᠤᠸᠠᠨ ᠪᠦᠦ ᠱᠠᠨ | ᠲᠣᠭᠤᠷᠢᠭ ᠶᠠᠭ ᠮᠠᠰᠢᠨ ᠲᠡᠷᠭᠡᠨ ᠤ ᠬᠦᠡᠭᠭᠡᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠮᠠᠰᠢᠨ | ᠲᠡᠷᠭᠡᠨ ᠤ ᠰᠡᠯᠪᠢᠭ ᠲᠤᠨᠤᠭ ᠦᠢᠯᠡᠳᠬᠦ ᠠᠵᠢᠯ ᠲᠦᠷᠦᠯ ᠢ ᠶᠡᠬᠡᠪᠡᠷ ᠬᠥᠭᠵᠢᠭᠦᠯᠵᠦ᠂ ᠬᠥᠳᠡᠯᠭᠡᠬᠦ ᠬᠦᠴᠦᠨ ᠤ | ᠶᠡᠷᠦᠩᠬᠡᠢ ᠴᠣᠭᠴᠠ ᠶᠢᠨ ᠦᠢᠯᠡᠳᠪᠦᠷᠢᠯᠡᠵᠦ ᠡᠳ᠋ᠰᠢᠭᠦᠯᠬᠦ ᠲᠦᠷᠦᠯ ᠵᠦᠢᠯ ᠨᠢ ᠶᠤᠸᠠᠨ ᠪᠦᠦ ᠱᠠᠨ ᠲᠣᠭᠤᠷᠢᠭ ᠤᠨ | ᠬᠥᠭᠵᠢᠯᠲᠡ ᠶᠢᠨ ᠲᠥᠯᠥᠪᠵᠢᠭᠦᠯᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠶᠤᠸᠠᠢ ᠳ᠋ᠠ ᠰᠢᠨ ᠳ᠋ᠦᠩ ᠰᠢᠨ᠎ᠡ | ᠡᠨᠧᠷᠭᠢ ᠶᠢᠨ ᠡᠨᠡᠬᠦ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ | ᠦᠢᠯᠡᠳᠬᠦᠨ ᠤ ᠨᠡᠮᠡᠯᠲᠡ ᠦᠷᠳᠡᠭ ᠢᠶᠠᠷ ᠴᠢᠩᠭ᠎ᠠ ᠲᠦᠷᠦᠯ ᠵᠦᠢᠯ ᠮᠠᠨ ᠤ ᠲᠣᠭᠤᠷᠢᠭ ᠲᠤ ᠰᠠᠭᠤᠷᠢᠰᠢᠬᠤ ᠶᠢ ᠪᠦᠬᠦ | ᠬᠦᠴᠦᠨ ᠢᠶᠠᠷ ᠢᠶᠠᠨ ᠳᠡᠮᠵᠢᠨ᠎ᠡ ᠭᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠡᠨᠡ ᠤᠳᠠᠭ᠎ᠠ ᠴᠢᠩᠳᠣᠣ ᠳᠤ ᠢᠷᠡᠵᠦ ᠲᠤᠬᠠᠶ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠭᠰᠠᠨ ᠨᠢ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ | ᠢᠯᠡᠷᠡᠭᠦᠯᠵᠦ᠂ ᠠᠵᠤ ᠠᠬᠤᠶᠢᠯᠠᠯ ᠤᠨ ᠶᠤᠸᠠᠨ ᠪᠦᠦ ᠱᠠᠨ ᠲᠣᠭᠤᠷᠢᠭ ᠲᠤ ᠬᠥᠷᠴᠦ ᠪᠠᠯᠠ ᠣᠷᠣᠭᠤᠯᠬᠤ ᠢᠲᠡᠭᠡᠯ | ᠵᠣᠷᠢᠭ ᠢ ᠲᠦᠢᠯ ᠤᠨ ᠶᠡᠭᠡ ᠪᠠᠷ ᠨᠡᠮᠡᠭᠳᠡᠭᠦᠯᠦᠭᠰᠡᠨ ᠪᠠᠶᠢᠨ᠎ᠠ᠂ ᠬᠤᠶᠢᠰᠢᠳᠠ ᠠᠯᠢ ᠲᠦᠷᠭᠡᠨ ᠢᠶᠠᠷ ᠶᠤᠸᠠᠨ ᠪᠦᠦ ᠱᠠᠨ | ᠲᠣᠭᠤᠷᠢᠭ ᠲᠤ ᠬᠦᠷᠴᠦ ᠬᠠᠷᠢᠭᠤ ᠰᠣᠷᠪᠤᠯᠵᠢᠯᠠᠨ᠂ ᠲᠥᠷᠥᠯ ᠵᠦᠢᠯ ᠤᠨ ᠭᠠᠵᠠᠷ ᠰᠣᠩᠭᠤᠬᠤ᠂ ᠪᠣᠳᠠᠲᠠᠶ | ᠬᠠᠮᠲᠤᠷᠠᠯᠴᠠᠭᠠᠨ ᠤ ᠲᠥᠰᠦᠯ ᠵᠡᠷᠭᠡ ᠤᠴᠢᠷ ᠶᠠᠪᠤᠳᠠᠯ ᠢ ᠠᠬᠢᠭᠤᠯᠤᠨ᠎ᠠ ᠭᠡᠵᠡᠶ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠪᠣᠯᠤᠨ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ᠂ ᠮᠤᠬᠤᠷ ᠭᠤᠣᠯ ᠪᠠᠯᠭᠠᠰᠤᠨ ᠤ ᠭᠤᠣᠯ ᠬᠠᠷᠢᠭᠤᠴᠠᠯᠭᠠᠲᠠᠨ ᠨᠦᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | |