12 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠴᠢᠩ ᠳ᠋ᠦᠩ ᠶᠠᠷᠢᠯᠴᠠᠬᠤ ᠬᠤᠷᠠᠯ ᠡᠷᠭᠢᠯᠡᠨ | ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨ᠎ᠡ | ᠬᠤᠯᠪᠣᠭᠠᠲᠤ ᠬᠤᠷᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠦᠨᠳᠦᠰᠦᠨ ᠱᠠᠲᠤᠨ ᠤ ᠺᠠᠳ᠋ᠷᠴᠤᠳ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ | ᠬᠤᠷᠢᠶᠠᠬᠤ ᠨᠣᠤᠷᠠᠭ︶︾ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠪᠠ᠃ | ᠬᠤᠷᠠᠯ ᠳᠡᠭᠡᠷ᠎ᠡ᠂ ᠤᠯᠠᠨ ᠢᠶᠠᠷ ᠢᠶᠠᠨ 2024 ᠣᠨ ᠤ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠢ | ᠭᠦᠢᠴᠡᠳ ᠨᠤᠲᠠᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠲᠤᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ | ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ ᠭᠡᠵᠦ ᠰᠠᠨᠠᠯ | ᠨᠢᠭᠡᠲᠡᠢ ᠦᠵᠡᠵᠡᠭᠡᠭᠰᠡᠨ ᠪᠥᠭᠡᠳ ᠲᠤᠰ ᠲᠤᠰ ᠤᠨ ᠪᠠᠶᠢᠴᠠᠭᠠᠨ ᠰᠤᠳᠤᠯᠤᠯᠲᠠ ᠲᠠᠢ ᠪᠠᠨ ᠤᠶᠠᠯᠳᠤᠭᠤᠯᠤᠨ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠡᠷᠡᠭᠯᠡᠭᠡ ᠶᠢ ᠬᠥᠭᠵᠢᠭᠡᠬᠦ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ | ᠣᠯᠠᠨ ᠤ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠵᠢᠶᠤᠤ ᠴᠢᠩ ᠳ᠋ᠦᠩ ᠢᠯᠡᠳᠬᠡᠭᠰᠡᠨ ᠨᠢ᠂ ᠤᠯᠠᠨ ᠤ | ᠳᠤᠷᠠᠳᠤᠭᠰᠠᠨ ᠰᠠᠨᠠᠯ ᠰᠠᠨᠠᠭᠤᠯᠭ᠎ᠠ ᠨᠢ ᠮᠡᠳᠡᠭᠦᠯᠦᠯᠲᠡ ᠶᠢ ᠲᠡᠭᠦᠯᠳᠡᠷᠵᠢᠭᠦᠯᠦᠨ ᠪᠦᠷᠢᠨᠰᠢᠭᠦᠯᠬᠦ᠂ ᠵᠠᠰᠠᠭ ᠤᠨ | ᠣᠷᠳᠣᠨ ᠤ ᠠᠵᠢᠯ ᠢ ᠰᠠᠶᠢᠵᠢᠷᠠᠭᠤᠯᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ᠂ ᠢᠯᠡᠳᠬᠡᠯ ᠢ ᠲᠤᠭᠤᠷᠪᠢᠨ | ᠪᠢᠴᠢᠬᠦ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠰᠤᠳᠤᠯᠤᠨ ᠡᠮᠬᠢᠯᠡᠵᠦ᠂ ᠭᠦᠢᠴᠡᠳ ᠰᠢᠩᠭᠡᠭᠡᠨ ᠠᠪᠬᠤ ᠬᠡᠷᠡᠭᠲᠡᠢ | ᠭᠡᠵᠡᠢ᠃ ᠲᠡᠷᠡ ᠬᠡᠯᠡᠭᠰᠡᠨ ᠨᠢ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠠᠵᠤ ᠠᠬᠤᠢ ᠶᠢᠨ ᠪᠠᠶᠢᠳᠠᠯ ᠪᠣᠯᠣᠨ | ᠪᠡᠷᠬᠡ ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠪᠦᠬᠦ | ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠣᠳᠣᠬᠢᠴᠢᠯᠠᠭᠰᠠᠨ | ᠶᠤᠸᠠᠨ ᠪᠦᠦ ᠱᠠᠨ ᠤ ᠪᠦᠲᠦᠭᠡᠨ ᠪᠠᠶᠢᠭᠤᠯᠤᠯᠲᠠ ᠰᠢᠨ᠎ᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠳᠡᠭᠡᠷ | ᠠᠮᠵᠢᠯᠲᠠ ᠪᠦᠲᠦᠮᠵᠢ ᠨᠢ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ᠂ ᠦᠨᠳᠦᠰᠦᠨ ᠱᠠᠲᠤᠨ ᠤ ᠺᠠᠳ᠋ᠷ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯᠲᠠᠨ ᠤ | ᠬᠠᠯᠠᠮᠵᠢᠯᠠᠯ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ᠃ ᠤᠯᠠᠨ ᠢᠶᠠᠷ ᠢᠶᠠᠨ ᠲᠤᠰ ᠲᠤᠰ ᠤᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠴᠤ | ᠂ ᠶᠤᠸᠠᠨ ᠪᠦᠦ ᠱᠠᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ | ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | |