ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ ᠶᠢᠨ ᠲᠠᠯ᠎ᠠ ᠪᠠᠷ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠶᠢᠨ ᠨᠥᠭᠡᠴᠡᠯᠡᠯᠲᠡ ᠶᠢᠨ ᠲᠦᠷᠦᠯ ᠵᠦᠢᠯ ᠢ 5400 ᠠᠴᠠ ᠳᠡᠭᠡᠭᠰᠢ | ᠪᠠᠶᠢᠯᠭᠠᠵᠦ᠂ ᠤᠮᠠᠷᠠᠲᠤ ᠬᠢᠯᠢ ᠶᠢᠨ ᠠᠮᠢᠲᠠᠳ ᠤᠨ ᠬᠢᠵᠢᠭ ᠲᠤ ᠦᠯᠦ ᠬᠠᠯᠳᠠᠭᠠᠬᠤ ᠬᠤᠩᠬᠢᠯ ᠤᠨ ᠪᠦᠳᠦᠭᠡᠨ | ᠪᠠᠶᠢᠭᠤᠯᠤᠯᠲᠠ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠲᠦᠷᠦᠯ ᠵᠦᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠲᠦᠷᠦᠯ ᠵᠦᠢᠯ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠤᠳ ᠢ ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ᠂ | ᠲᠢᠩᠬᠢᠮ ᠤᠨ ᠲᠠᠰ ᠤᠨ ᠺᠠᠳ᠋ᠷᠴᠦᠳ ᠤᠨ ᠳᠠᠭᠠᠭᠠᠴᠢᠯᠠᠨ ᠬᠤᠯᠪᠣᠭᠠᠯᠠᠬᠤ᠂ ᠠᠵᠤ ᠠᠬᠤᠶᠢᠯᠠᠯ ᠤᠳ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠣᠭᠲᠠᠴᠠ ᠶᠢ ᠭᠦᠨᠵᠡᠭᠡᠶᠢᠷᠡᠭᠦᠯᠵᠦ᠂ 2025 ᠣᠨ ᠳᠤ | ᠪᠣᠷᠣᠯᠠᠭᠤᠯᠭ᠎ᠠ ᠶᠢᠨ ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ 2 ᠡᠷᠦᠬᠡ ᠠᠵᠤ ᠠᠬᠤᠶᠢᠯᠠᠯ᠂ | ᠪᠣᠷᠤᠯᠠᠭᠤᠯᠭ᠎ᠠ ᠶᠢᠨ ᠤᠷᠤᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ 8 ᠡᠷᠦᠬᠡ ᠠᠵᠤ ᠠᠬᠤᠶᠢᠯᠠᠯ ᠢ | ᠬᠦᠮᠦᠵᠢᠭᠦᠯᠦᠨ ᠪᠤᠶᠢᠵᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ ᠭᠤᠷᠪᠠ ᠳᠤ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢᠨ ᠲᠠᠯ᠎ᠠ ᠪᠠᠷ᠂ ᠤᠯᠠᠨ ᠠᠷᠭ᠎ᠠ ᠵᠠᠮ ᠢᠶᠠᠷ ᠴᠡᠪᠡᠷᠯᠡᠭᠴᠢ᠂ ᠤᠢ ᠰᠢᠭᠤᠢ ᠶᠢᠨ | ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 8.5 ᠲᠦᠮᠡ ᠠᠴᠠ ᠳᠡᠭᠡᠭᠰᠢ | ᠨᠡᠬᠡᠬᠡᠨ ᠬᠦᠭᠵᠢᠭᠦᠯᠪᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠲᠦ ᠲᠠᠷᠢᠶᠠᠯᠠᠩ ᠵᠡᠷᠭᠡ ᠲᠥᠷᠥᠯ | ᠵᠦᠢᠯ ᠤᠨ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠵᠤ᠂ 2025 ᠣᠨ ᠳᠤ | ᠪᠡᠯᠡ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ | ᠬᠦᠷᠢᠶᠡᠯᠡᠩ ᠲᠣᠭᠤᠷᠢᠭ ᠢ 72 ᠲᠥᠪᠯᠡᠷᠡᠭᠦᠯᠦᠨ ᠪᠠᠶᠢᠭᠤᠯᠵᠤ᠂ ᠲᠤᠰ ᠭᠠᠵᠠᠷ ᠤᠨ ᠠᠵᠢᠯᠴᠢᠨ ᠢ ᠬᠡᠷᠡᠭᠯᠡᠬᠦ | ᠬᠠᠷᠢᠴᠠᠯ ᠢ ᠥᠷᠭᠡᠳᠬᠡᠨ᠎ᠡ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ ᠥᠨᠳᠥᠷ | ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ 150 ᠲᠦᠮᠡᠨ ᠮᠦ ᠠᠴᠠ ᠳᠡᠭᠡᠭᠰᠢ ᠤᠰᠤᠯᠠᠯᠲᠠ ᠶᠢᠨ ᠭᠠᠵᠠᠷ ᠢ ᠬᠤᠭᠤᠯᠠᠢ ᠪᠠᠷ ᠣᠰᠤᠯᠠᠵᠤ | ᠪᠠᠶᠢᠭᠰᠠᠨ ᠠᠴᠠ ᠨᠢ ᠪᠠ ᠳᠤᠰᠤᠯᠭᠠᠨ ᠤᠰᠤᠯᠠᠬᠤ ᠶᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ | ᠴᠤᠭᠴᠠᠵᠢᠭᠤᠯᠬᠤ ᠤᠰᠤᠯᠠᠯᠲᠠ ᠶᠢᠨ ᠭᠠᠵᠠᠷ ᠢ 270 ᠲᠦᠮᠡᠨ ᠮᠦ ᠠᠴᠠ ᠳᠡᠭᠡᠭᠰᠢ ᠪᠠᠶᠢᠯᠭᠠᠬᠤ ᠪᠠᠷ ᠳᠡᠯᠭᠡᠷᠡᠭᠦᠯᠵᠦ᠂ | ᠤᠰᠤ ᠠᠷᠪᠢᠯᠠᠬᠤ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠬᠦ ᠪᠠᠷ ᠴᠢᠷᠮᠠᠶᠢᠨ᠎ᠠ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢᠨ ᠲᠠᠯ᠎ᠠ ᠪᠠᠷ᠂ ᠥᠪᠥᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ 300 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠶᠢ ᠠᠬᠢᠭᠤᠯᠤᠨ᠎ᠠ᠃ ᠵᠢᠷᠭᠤᠭ᠎ᠠ ᠳᠤ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ ᠶᠢᠨ | ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠤᠨ᠎ᠠ᠃ ︵ᠲᠠᠷᠢᠶᠠᠯᠠᠩ ᠮᠠᠯ ᠠᠵᠤ | ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ︶ | |