12 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 115 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢ ᠭᠦᠸᠧ ᠵᠢᠶᠦ᠋ᠨ᠂ ᠯᠢᠦ ᠬᠠᠢ | ᠶᠠᠩ᠂ ᠵᠢᠶᠤᠤ ᠴᠢᠩ ᠳ᠋ᠦᠩ᠂ ᠵᠦ ᠬᠤᠩ ᠲᠦ᠋᠂ ᠯᠢ ᠰᠢᠨ ᠢᠦᠢ᠂ ᠸᠠᠩ ᠶᠠᠨ ᠪᠥᠸᠧ᠂ ᠯᠤᠸᠠᠨ ᠶᠦᠨ ᠾᠧ᠂ | ᠯᠢ ᡁᠢ ᠭᠠᠩ᠂ ᠵᠠᠩ ᠯᠢ ᠲᠤᠤ ᠬᠤᠷᠠᠯ ᠳᠤ ᠰᠠᠭᠠᠲᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠶ᠂ ᠸᠠᠩ ᠵᠧᠨ | ᠯᠢᠶᠠᠩ᠂ ᠰᠢᠶᠧ ᠶᠦᠨ ᠰᠥᠩ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠰᠤᠯᠠ ᠰᠠᠭᠠᠲᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ᠂ ᠣᠣᠮᠧᠨ ᠡᠬᠡ | ᠤᠯᠤᠰ ᠲᠤ ᠪᠠᠨ ᠪᠤᠴᠠᠵᠤ ᠢᠷᠡᠭᠰᠡᠨ 25 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ | ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ | ᠶᠣᠰᠣᠯᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ | ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠡᠷᠬᠡᠪᠰᠢ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ | ᠴᠢᠬᠤᠯᠠ ᠶᠡᠭᠡ ᠨᠤᠲᠠᠯᠠᠯᠲᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠡᠬᠡ ᠤᠯᠤᠰ ᠤᠨ ᠨᠢᠭᠡᠳᠦᠯ ᠢ | ᠡᠷᠡᠰ ᠪᠠᠲᠤ ᠬᠠᠮᠠᠭᠠᠯᠠᠬᠤ ᠬᠡᠷᠡᠭᠲᠡᠢ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠤᠯᠠᠭᠠᠨᠬᠠᠳᠠ ᠬᠤᠲᠠ ᠨᠢ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ︽ᠢᠳᠡᠰᠢᠨ | ᠨᠣᠭᠤᠭ᠎ᠠ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠤ ᠬᠠᠮᠲᠤᠷᠠᠯᠴᠠᠭᠠᠨ ᠤ ᠳᠠᠪᠠᠭᠤᠯᠢᠭ ᠢ | ᠰᠠᠶᠢᠲᠤᠷ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠨ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠬᠤ ᠬᠡᠷᠡᠭᠲᠡᠶ᠃ ᠣᠳᠣᠬᠢᠴᠢᠯᠠᠯᠲᠠ ᠶᠢᠨ | ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠦᠢᠯᠡᠰ ᠤᠨ ᠲᠣᠭᠠᠴᠢᠯᠠᠯᠲᠠ᠂ ᠰᠦᠯᠵᠢᠶᠡᠵᠢᠯᠲᠡ᠂ | ᠤᠶᠤᠨᠴᠢᠯᠠᠯᠳᠠ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠰᠢᠨ᠎ᠡ ᠲᠣᠨᠣᠭᠯᠠᠯ ᠪᠣᠯᠤᠨ ᠲᠤᠮᠤ ᠳ᠋ᠠᠶᠢᠲ᠋ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠠᠷᠠᠯᠠᠨ ᠪᠠᠶᠢᠷᠢᠰᠢᠭᠤᠯᠵᠤ᠂ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ | ᠦᠢᠯᠡᠳᠦᠯ ᠢ ᠳᠣᠪᠤᠶᠢᠯᠭᠠᠵᠤ᠂ ᠤᠳᠤᠷᠢᠳᠬᠤ ᠺᠠᠳ᠋ᠷ ᠠᠴᠠ ᠲᠦᠷᠦᠭᠦᠯᠡᠬᠦ᠂ ᠰᠠᠯᠠᠭ᠎ᠠ ᠮᠥᠴᠢᠷ ᠬᠠᠮᠵᠢᠯᠴᠠᠨ | ᠠᠬᠢᠭᠤᠯᠬᠤ᠂ ᠪᠠᠭ᠎ᠠ ᠲᠠᠯ᠎ᠠ ᠠᠴᠠ ᠥᠭᠡᠷᠡᠴᠢᠯᠡᠯᠲᠡ ᠬᠢᠵᠦ ᠵᠠᠮ ᠬᠠᠶᠢᠬᠤ ᠶᠢ ᠪᠠᠷᠢᠮᠲᠠᠯᠠᠵᠤ᠂ ︽ᠲᠣᠭᠲᠠᠴᠠ ᠶᠢ | ᠥᠭᠡᠷᠡᠴᠢᠯᠡᠬᠦ᠂ ᠪᠠᠶᠢᠷᠢᠰᠢᠯ ᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ︾ ᠶᠢ ᠨᠢᠭᠡ ᠴᠤᠭᠴᠠᠵᠢᠭᠤᠯᠤᠨ | ᠠᠬᠢᠭᠤᠯᠵᠤ᠂ ᠡᠷᠬᠡ ᠶᠢ ᠲᠥᠪᠯᠡᠷᠡᠭᠦᠯᠦᠭᠰᠡᠨ ᠰᠠᠯᠠᠭ᠎ᠠ ᠮᠥᠴᠢᠷ᠂ ᠪᠡᠯᠡ ᠮᠥᠩᠭᠦ ᠨᠢᠭᠲᠠᠷᠠᠭᠰᠠᠨ ᠬᠦᠷᠢᠶ᠎ᠡ ᠴᠠᠷᠠᠭ᠎ᠠ᠂ | ᠡᠬᠢ ᠪᠠᠶᠠᠯᠢᠭ ᠡᠯᠪᠡᠭ ᠪᠠᠶᠢᠭ᠎ᠠ ᠠᠵᠢᠯ ᠲᠥᠷᠥᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠣᠲᠠᠲᠠᠢ | ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ ᠶᠢᠨ ᠪᠣᠳᠠᠲᠠᠶ ᠦᠷ᠎ᠡ ᠪᠦᠲᠦᠮᠵᠢ ᠪᠠᠷ | ᠬᠥᠭᠵᠢᠯᠲᠡ ᠳᠤ ᠬᠦᠴᠦᠨ ᠨᠡᠮᠡᠷᠢᠯᠡᠨ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |