12 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠵᠠᠰᠠᠭ ᠤᠨ | ᠣᠷᠳᠣᠨ ᠤ ᠳᠠᠷᠤᠭ᠎ᠠ ᠵᠠᠩ ᡁᠢ ᠸᠧᠶ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2024 ᠣᠨ ᠤ 14 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠶᠤᠤ ᠴᠢᠩ | ᠳ᠋ᠦᠩ᠂ ᠸᠠᠩ ᠶᠠᠨ ᠪᠥᠸᠧ᠂ ᠰᠢᠶᠧ ᠶᠦᠨ ᠰᠥᠩ᠂ ᠯᠢ ᠽᠦᠩ ᠮᠧᠩ᠂ ᠫᠧᠩ ᠰᠢᠶᠤᠤ ᠵᠢᠤᠸᠠᠨ᠂ ᠯᠢ ᠸᠧᠶ᠂ | ᠶᠠᠩ ᠰᠢᠨ ᠢᠦᠶ ᠬᠤᠷᠠᠯ ᠳᠤ ᠰᠠᠭᠠᠲᠠᠵᠤ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠰᠠᠭᠠᠲᠠᠵᠠᠢ᠃ | ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠴᠢᠬᠤᠯᠠ | ᠵᠣᠬᠢᠶᠠᠯ ᠤᠨ ᠵᠣᠷᠢᠭ ᠰᠠᠨᠠᠭ᠎ᠠ᠂ 12 ᠰᠠᠷ᠎ᠠ ᠶᠢᠨ 9 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠵᠡᠷᠭᠡ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠶᠤᠸᠠᠨ ᠪᠦᠦ ᠱᠠᠨ ᠲᠣᠭᠤᠷᠢᠭ ᠢ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ 2024 ᠣᠨ ᠤ ᠭᠤᠣᠯ ᠪᠣᠯᠬᠤ | ᠠᠵᠤ ᠠᠬᠤᠢ ᠶᠢᠨ ᠭᠦᠢᠴᠡᠳᠬᠡᠯ ᠲᠤᠭ᠎ᠠ ᠵᠢᠴᠢ ᠲᠤᠰᠬᠠᠢ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠪᠣᠯᠤᠨ 2025 | ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠲᠥᠯᠥᠪᠯᠡᠭᠡ ᠶᠢᠨ ᠪᠠᠶᠢᠳᠠᠯ ᠢ ᠰᠣᠨᠣᠰᠴᠤ᠂ | ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠨᠢ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2025 | ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠲᠤᠬᠢᠷᠠᠭᠤᠯᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ | ᠪᠣᠳᠠᠲᠠᠢ ᠨᠠᠷᠢᠯᠢᠭ ᠲᠥᠯᠥᠪᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠢᠮᠠᠭᠲᠠ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠭᠡ ᠲᠠᠯ᠎ᠠ ᠠᠴᠠ ᠡᠭᠦᠰᠴᠦ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ | ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠣᠯᠤᠨ | ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠬᠥᠭᠵᠢᠭᠡᠵᠦ᠂ ᠰᠢᠨ᠎ᠡ ᠶᠢ ᠡᠭᠦᠳᠬᠦ ᠠᠷᠭ᠎ᠠ ᠶᠢ ᠪᠣᠶ ᠪᠣᠯᠭᠠᠵᠤ᠂ ᠶᠤᠸᠠᠨ ᠪᠦᠦ ᠱᠠᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠲᠦᠷᠢᠮ ᠤᠨ | ᠪᠠᠲᠤᠯᠠᠭ᠎ᠠ ᠬᠠᠩᠭᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ | ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ︽ᠣᠳᠣᠬᠠᠨ ᠳᠤ | ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠵᠡᠷᠭᠡ ᠪᠠᠷ ᠠᠬᠢᠭᠤᠯᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨ ᠬᠦ ᠪᠦᠬᠦ ᠲᠣᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠦᠷᠭᠦᠯᠵᠢᠯᠡᠨ ᠬᠦᠴᠦᠯᠡᠵᠦ᠂ | ᠤᠷᠳᠤ ᠬᠤᠭᠤᠴᠠᠭ᠎ᠠ ᠪᠠᠷ ᠴᠢᠷᠮᠠᠶᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ | ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠦᠨ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ | ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ | ᠴᠢᠷᠮᠠᠶᠢᠯᠭ᠎ᠠ ᠶᠢ ᠪᠡᠶᠡᠯᠡᠭᠦᠯᠬᠦ ᠬᠡᠷᠡᠭᠲᠡᠢ᠃ ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠠᠷᠢᠨ | ᠨᠢᠮᠪᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠣᠨᠴᠠᠭᠠᠢ ᠴᠠᠭ ᠠᠭᠤᠷ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠤᠯᠠᠨ | ᠲᠦᠮᠡᠨ ᠤ ᠰᠢᠨ᠎ᠡ ᠵᠢᠯ ᠴᠠᠭᠠᠨ ᠰᠠᠷ᠎ᠠ ᠶᠢ ᠪᠠᠶᠠᠷ ᠪᠠᠶᠠᠰᠬᠤᠯᠠᠩ ᠲᠠᠢ ᠥᠩᠭᠡᠷᠡᠭᠦᠯᠬᠦ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |