ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 30᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠰᠢᠶᠧ ᠶᠦᠨ ᠰᠥᠩ᠂ ᠯᠢ ᠽᠦᠩ ᠮᠧᠩ᠂ ᠫᠧᠩ ᠰᠢᠶᠤᠤ ᠵᠢᠤᠸᠠᠨ᠂ ᠯᠢ ᠸᠧᠶ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ ᠬᠤᠷᠠᠯ ᠳᠤ ᠰᠠᠭᠠᠲᠠᠵᠤ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠰᠠᠭᠠᠲᠠᠵᠠᠢ᠃    ᠬᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠪᠢᠴᠢᠭ ᠮᠠᠲ᠋ᠧᠷᠢᠶᠠᠯ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾᠂ ︽ᠶᠤᠸᠠᠨ ᠪᠦᠦ ᠱᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠶᠠᠷᠢᠯᠴᠠᠬᠤ ᠨᠣᠤᠷᠠᠭ︶︾᠂ ︽ᠶᠤᠸᠠᠨ ᠪᠦᠦ ᠱᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ︵ᠶᠠᠷᠢᠯᠴᠠᠬᠤ ᠨᠣᠤᠷᠠᠭ︶︾᠎ ᠶᠢ ᠬᠢᠨᠠᠨ ᠵᠥᠪᠯᠡᠪᠡ︔ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬᠢᠳᠠᠯ ᠰᠤᠷᠪᠤᠯᠵᠢᠯᠠᠭ᠎ᠠ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠠᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠢᠷᠡᠭᠡᠳᠦᠢ ᠶᠢᠨ ᠬᠥᠭᠵᠢᠯᠲᠡ ᠶᠢ ᠲᠥᠯᠥᠪᠵᠢᠭᠦᠯᠬᠦ ᠵᠢᠷᠤᠭ ᠲᠥᠯᠥᠪᠯᠡᠭᠡ ᠪᠣᠯᠤᠨ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠤᠨ ᠮᠡᠳᠡᠭᠦᠯᠦᠯᠲᠡ ᠪᠣᠯ ᠭᠠᠵᠠᠷ ᠣᠷᠣᠨ ᠤ ᠬᠥᠭᠵᠢᠯᠲᠡ ᠳᠤ ᠬᠤᠯᠪᠣᠭᠳᠠᠬᠤ ᠴᠢᠬᠤᠯᠠ ᠵᠢᠯ ᠤᠨ ᠲᠥᠯᠥᠪᠯᠡᠭᠡ ᠪᠣᠯᠤᠨ᠎ᠠ᠃ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠬᠢᠷᠢ ᠪᠥᠲᠦᠮᠵᠢ ᠪᠠᠨ ᠰᠠᠶᠢᠲᠤᠷ ᠳ᠋ᠦᠩᠨᠡᠵᠦ᠂ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠷᠭ᠎ᠠ ᠬᠡᠮᠵᠢᠶ᠎ᠡ ᠪᠠᠨ ᠪᠣᠳᠠᠲᠠᠢ ᠪᠥᠭᠡᠳ ᠬᠦᠴᠦᠲᠡᠢ ᠪᠣᠯᠭᠠᠵᠤ᠂ ᠢᠯᠡᠳᠬᠡᠯ ᠢ ᠦᠨᠡᠨᠬᠦ ᠤᠯᠠᠨ ᠤ ᠤᠶᠤᠨ ᠤᠬᠠᠭᠠᠨ ᠢ ᠨᠢᠢᠳᠬᠡᠭᠰᠡᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ᠂ ᠬᠥᠭᠵᠢᠯᠲᠡ ᠶᠢ ᠬᠦᠳᠦᠯᠦᠨ ᠳᠠᠭᠠᠭᠤᠯᠤᠭᠰᠠᠨ ᠰᠠᠶᠢᠨ ᠮᠡᠳᠡᠭᠦᠯᠦᠯᠲᠡ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠢᠳᠡᠭᠡᠨ ᠪᠠ ᠡᠮ ᠤᠨ ᠵᠦᠢᠯᠡᠰ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ ᠶᠢ ᠪᠠᠷᠢᠮᠲᠠᠯᠠᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠠᠵᠢᠯ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠵᠠᠰᠠᠬᠤ ᠶᠢ ᠲᠤᠭ᠎ᠠ ᠪᠦᠷᠢᠳᠬᠡᠯ ᠤᠨ ᠠᠵᠢᠯ ᠤᠨ ᠡᠯ᠎ᠡ ᠭᠤᠭᠴᠤᠭᠠᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠠᠵᠢᠯ ᠤᠨ ᠦᠷ᠎ᠡ ᠪᠦᠲᠦᠮᠵᠢ ᠪᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠡᠯᠧᠮᠧᠨ᠋ᠲ ᠤᠨ ᠪᠠᠲᠤᠯᠠᠭ᠎ᠠ ᠪᠣᠯᠤᠨ ᠮᠥᠩᠭᠦᠨ ᠭᠦᠢᠯᠭᠡᠭᠡᠨ ᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ︽ᠳᠡᠮᠵᠢᠬᠦ ᠲᠦᠷᠦ ᠶᠢᠨ ᠪᠤᠳᠤᠯᠭ᠎ᠠ ᠬᠠᠮᠤᠭ ᠤᠨ ᠰᠢᠯᠢᠳᠡᠭ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠠᠮᠤᠭ ᠤᠨ ᠲᠦᠷᠭᠡᠨ᠂ ᠠᠵᠢᠯ ᠤᠨ ᠦᠷ᠎ᠡ ᠪᠦᠲᠦᠮᠵᠢ ᠬᠠᠮᠤᠭ ᠤᠨ ᠥᠨᠳᠥᠷ︾ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠣᠶᠤᠨᠴᠢ ᠳᠥᠭᠦᠮ ᠳᠥᠲᠡ ᠲᠣᠭᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠵᠤ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠴᠢᠩᠳᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠨᠡᠨᠬᠦ ᠠᠷᠠᠳ ᠲᠤ ᠠᠰᠢᠭᠲᠠᠢ ᠠᠷᠠᠳ ᠢ ᠪᠠᠶᠠᠵᠢᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ᠃ ᠵᠣᠯᠭᠠᠭᠤᠯᠬᠤ ᠪᠡᠯᠡ ᠮᠥᠩᠭᠦ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠡᠭᠡᠷᠡᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢᠶᠠᠷ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠬᠥᠷᠢᠶᠡᠨ ᠤ ᠲᠣᠭᠤᠷᠢᠨ ᠳᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠴᠠ ᠶᠢ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠪᠠᠰᠤᠨ ᠬᠤᠳᠠ ᠶᠢ ᠬᠦᠴᠦᠯᠡᠨ ᠪᠠᠶᠢᠭᠤᠯᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠣᠯᠤᠨ ᠬᠤᠪᠢᠷᠠᠬᠤ ᠶᠢ ᠠᠬᠢᠭᠤᠯᠬᠤ ᠬᠡᠷᠡᠭᠲᠡᠢ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠵᠠᠰᠠᠭ ᠤᠨ ᠣᠷᠳᠣᠨ ᠤ ︽ᠠᠷᠠᠳ ᠤᠨ ᠰᠠᠨᠠᠭ᠎ᠠ︾᠎ ᠳᠤ ᠬᠠᠷᠢᠭᠤ ᠥᠭᠬᠦ᠂ ᠠᠷᠠᠳ ᠢ ᠬᠠᠯᠠᠮᠵᠢᠯᠠᠬᠤ ᠴᠢᠬᠤᠯᠠ ᠭᠠᠷᠳᠠᠴᠠ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠵᠥᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢ ᠨᠥᠬᠦᠪᠥᠷᠢᠯᠡᠬᠦ‍ ᠨᠢᠭᠡ ᠪᠦᠯᠦᠭ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1