ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
   
a1_副本.jpg
       12 ᠰᠠᠷ᠎ᠠ ᠶᠢᠨ 30᠎ ᠤ ᠡᠳᠦᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠶ᠂ ᠳᠡᠳ᠋ ᠡᠷᠬᠢᠯᠡᠭᠴᠢ ᠯᠢ ᠸᠧᠨ ᠵᠢᠶᠦ᠋ᠨ᠂ ᠵᠠᠩ ᠴᠢᠶᠦ᠋ᠨ᠂ ᠵᠢᠶᠠ ᠱᠣ᠋ ᠱᠦᠨ᠂ ᠢᠦᠶ ᠵᠢᠩ ᠴᠦᠨ ᠵᠢᠴᠢ ᠭᠡᠰᠢᠭᠦᠨ ᠨᠡᠶᠢᠲᠡ 31 ᠬᠥᠮᠦᠨ ᠬᠤᠷᠠᠯ ᠳᠤ ᠰᠠᠭᠠᠲᠠᠵᠠᠢ ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠦ᠋ ᠰᠢᠤ ᠮᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠹᠠᠨ ᠰᠢᠶᠤᠤ ᠴᠢᠦ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠰᠠᠭᠠᠲᠠᠪᠠ᠃    ᠬᠤᠷᠠᠯ ᠠᠴᠠ ᠪᠥᠬᠦ ᠲᠣᠭᠤᠷᠢᠭ ᠤᠨ 2024 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠤᠨ ᠮᠡᠳᠡᠭᠦᠯᠦᠯᠲᠡ᠂ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠤᠰᠪᠠ︔ 2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠰᠢᠢᠳᠪᠦᠷᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠥᠯᠥᠭᠡᠯᠡᠭᠴᠢ ᠶᠢᠨ ᠬᠥᠬᠢᠭᠦᠯᠥᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠥᠯᠥᠭᠡᠯᠡᠭᠴᠢ ᠶᠢᠨ ᠰᠠᠨᠠᠭᠤᠯᠭ᠎ᠠ᠂ ︽ᠴᠢᠳᠠᠪᠤᠷᠢ ᠪᠠᠨ ᠴᠢᠩᠭᠠᠳᠬᠠᠵᠤ᠂ ᠡᠭᠦᠷᠭᠡᠯᠡᠯ ᠢᠶᠠᠨ ᠴᠢᠬᠤᠯᠠᠴᠢᠯᠠᠵᠤ᠂ ᠥᠯᠢᠭᠡᠷ ᠳᠠᠭᠤᠷᠢᠶᠠᠯ ᠪᠣᠯᠬᠤ︾ ᠠᠵᠢᠯᠯᠠᠭ᠎ᠠ ᠶᠢᠨ ᠰᠢᠯᠢᠳᠡᠭ ᠵᠣᠬᠢᠶᠠᠨ ᠪᠠᠶᠢᠭᠤᠯᠤᠭᠴᠢ᠂ ᠰᠢᠯᠢᠳᠡᠭ ᠰᠠᠨᠠᠭᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠲᠣᠭᠲᠠᠭᠠᠯ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠬᠤ ᠲᠣᠭᠲᠠᠭᠠᠯ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠦᠬᠦᠨ ᠰᠤᠩᠭᠤᠬᠤ ᠨᠡᠷᠡᠰ ᠤᠨ ᠲᠣᠭᠲᠠᠭᠠᠯ ᠢ ᠪᠠᠲᠤᠯᠠᠪᠠ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠨ ᠪᠠᠲᠤᠯᠠᠭᠰᠠᠨ ᠪᠥᠭᠡᠳ ᠮᠡᠳᠡᠭᠦᠯᠥᠯᠲᠡ ᠬᠢᠬᠦ ᠬᠦᠮᠦᠨ ᠢ ᠲᠣᠭᠲᠠᠭᠠᠪᠠ︔ ᠬᠡᠰᠡᠭ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠭᠥᠯᠢᠶᠡᠨ ᠠᠪᠴᠤ᠂ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠪᠠᠲᠤᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1